ᠥᠪᠥᠷ ᠮᠣᠩᠭᠤᠯ᠄ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠪᠠᠶᠢᠭᠤᠯᠵᠤ ᠨᠡᠩ ᠤᠯᠠᠨ ᠬᠡᠦᠬᠡᠳ ᠲᠤ ᠠᠰᠢᠭ ᠬᠦᠷᠲᠡᠭᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017/4/27
      2017 ᠣᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠡᠶᠢᠲᠡ ᠪᠠᠷᠤᠭ 18 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ᠂ 160 ᠰᠢᠬᠠᠮ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 2 ᠲᠦᠮᠡᠨ ᠰᠤᠷᠤᠯᠭ᠎ᠠ ᠶᠢᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ ᠴᠡᠴᠡᠷᠯᠢᠭ ᠤᠨ ᠶᠡᠷᠦᠩᠬᠡᠶ ᠬᠡᠮᠵᠢᠶᠡᠨ ᠳᠤ ᠡᠵᠡᠯᠡᠬᠦ ᠬᠠᠷᠢᠴᠠᠯ ᠢ ᠬᠦᠴᠦᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠳᠠᠬᠢ ᠬᠠᠷᠢᠴᠠᠯ ᠢ ᠳᠡᠭᠡᠭᠰᠢᠯᠡᠭᠦᠯᠬᠦ ᠶᠢᠨ ᠬᠠᠮᠲᠤ ᠬᠤᠳᠠ ᠪᠠᠯᠭᠠᠰᠤᠨ ᠤ ᠬᠤᠷᠢᠶᠠᠯᠠᠯ ᠤᠨ ᠢᠵᠢ ᠪᠦᠷᠢᠨ ᠬᠡᠦᠬᠡᠳ ᠤᠨ ᠴᠡᠴᠡᠷᠯᠢᠭ ᠤᠨ ᠪᠥᠳᠥᠭᠡᠨ ᠪᠠᠶᠢᠭᠤᠯᠤᠯᠲᠠ ᠢ ᠲᠦᠯᠬᠢᠨ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠪᠠᠰᠠ ᠤᠯᠠᠨ ᠨᠡᠶᠢᠲᠡ ᠶᠢᠨ ᠡᠳ᠋ ᠤᠨ ᠵᠠᠰᠠᠭ ᠪᠣᠯᠤᠨ ᠭᠡᠷ ᠤᠨ ᠠᠬᠠᠮᠠᠳ ᠤᠨ ᠰᠦᠢᠳᠬᠡᠯ ᠲᠤᠰᠢᠶᠠᠬᠤ ᠶᠢ ᠬᠤᠪᠢᠶᠠᠨ ᠡᠭᠦᠷᠭᠡᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠦᠷᠳᠡᠭ ᠢ ᠬᠠᠮᠲᠤ ᠪᠠᠷ ᠡᠭᠦᠷᠭᠡᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠡᠷᠭᠢᠯᠲᠡ ᠶᠢ ᠦᠨᠡᠨ ᠬᠦ ᠪᠠᠲᠤᠯᠠᠨ᠎ᠠ᠃      160 ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠢ ᠨᠡᠮᠡᠨ ᠪᠠᠶᠢᠭᠤᠯᠤᠨ᠎ᠠ      ᠣᠳᠣᠬᠠᠨ ᠳᠤ ᠂ ᠮᠠᠨ ᠤ ᠣᠷᠣᠨ ᠤ ᠬᠡᠦᠬᠡᠳ ᠤᠨ ᠴᠡᠴᠡᠷᠯᠢᠭ ᠤᠨ ᠦᠨᠳᠦᠰᠦᠨ ᠪᠠᠶᠢᠳᠠᠯ ᠶᠠᠮᠠᠷ ᠰᠢᠭ᠋ ᠪᠠᠶᠢᠭ᠎ᠠ ᠪᠤᠢ︖      2016 ᠣᠨ ᠤ ᠵᠢᠯ ᠤᠨ ᠡᠴᠦᠰ ᠤᠨ ᠪᠣᠯᠬᠤ ᠳᠤ ᠪᠦᠬᠦ ᠣᠷᠣᠨ ᠳᠤ ᠨᠡᠶᠢᠢᠲᠡ 3672 ᠬᠡᠦᠬᠡᠳ ᠤᠨ ᠴᠡᠴᠡᠷᠯᠢᠭ ᠲᠠᠢ ᠪᠣᠯᠵᠤ᠂ ᠴᠡᠴᠡᠷᠯᠢᠭ ᠲᠤ ᠪᠠᠶᠢᠭ᠎ᠠ ᠬᠡᠦᠬᠡᠳ ᠤᠨ ᠲᠤᠭ᠎ᠠ 60.75 ᠲᠦᠮᠡ ᠳᠤ ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠭᠤᠯᠢ ᠳᠤ ᠣᠷᠣᠬᠤ ᠪᠦᠷᠢᠨ ᠨᠤᠷᠮ᠎ᠠ ᠦᠷᠭᠦᠯᠵᠢᠯᠡᠨ 90% ᠠᠴᠠ ᠳᠡᠭᠡᠭᠰᠢ ᠳᠤ ᠬᠦᠷᠪᠡ᠃ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠤ ᠲᠤᠭ᠎ᠠ 63994 ᠬᠥᠮᠦᠨ ᠪᠠᠶᠢᠵᠤ᠂ ᠡᠭᠦᠨ ᠳᠤ 39633 ᠲᠤᠰᠬᠠᠶ ᠲᠤᠰᠢᠶᠠᠯᠲᠤ ᠪᠠᠭᠰᠢ ᠲᠠᠢ ᠪᠠᠶᠢᠵᠤ᠂ ᠲᠤᠰᠬᠠᠶ ᠲᠤᠰᠢᠶᠠᠯᠲᠤ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠭᠰᠡᠨ ᠨᠣᠷᠮ᠎ᠠ ᠨᠢ 99.49% ᠳᠤ ᠬᠦᠷᠴᠦ᠂ ᠲᠤᠰᠬᠠᠶ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠭᠰᠢ ᠶᠢᠨ ᠬᠠᠷᠢᠴᠠᠯ ᠨᠢ 88.04% ᠳᠤ ᠬᠦᠷᠪᠡ᠃ ᠡᠭᠦᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠲᠤᠭ᠎ᠠ 49.9% ᠶᠢ ᠡᠵᠡᠯᠡᠵᠦ᠂ ᠪᠠᠭᠰᠢ ᠠᠵᠢᠯᠲᠠᠳ 42.81% ᠶᠢ ᠡᠵᠡᠯᠡᠵᠦ᠂ ᠲᠤᠰᠬᠠᠶ ᠲᠤᠰᠢᠶᠠᠯᠲᠤ ᠪᠠᠭᠰᠢ 49.26% ᠶᠢ ᠡᠵᠡᠯᠡᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ ︵ᠲᠤᠬᠠᠶᠢᠯᠠᠪᠠᠯ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠲᠤᠭ᠎ᠠ ᠶᠢᠨ ᠬᠠᠷᠢᠴᠠᠯ︶ 65.10%  ᠪᠠᠶᠢᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ 46.43% ᠶᠢ ᠡᠵᠡᠯᠡᠪᠡ᠃      ᠴᠡᠴᠡᠷᠯᠢᠭ ᠲᠤ ᠣᠷᠣᠬᠤ ᠳᠤ ᠬᠦᠴᠢᠷᠲᠡᠶ ᠪᠠᠶᠢᠬᠤ ᠠᠰᠠᠭᠤᠳᠠᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠳᠤ ᠠᠯᠤᠰ ᠬᠡᠲᠦ ᠶᠢᠨ ᠴᠢᠨᠠᠷᠲᠠᠶ ᠲᠥᠯᠥᠪᠵᠢᠭᠦᠯᠭᠡ ᠪᠠᠶᠢᠨ᠎ᠠ ᠦᠦ︖      2014 ᠣᠨ ᠠᠴᠠ 2016 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠢ ᠪᠠᠷᠢᠮᠲᠠᠯᠠᠬᠤ᠂ ᠵᠣᠬᠢᠴᠠᠩᠭᠤᠶ ᠬᠥᠭᠵᠢᠯᠲᠡ ᠶᠢ ᠴᠢᠬᠤᠯᠠᠴᠢᠯᠠᠬᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ ᠦᠨᠳᠦᠰᠦᠨ ᠰᠡᠳᠬᠢᠮᠵᠢ ᠪᠠᠷ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯ ᠨᠢ ᠶᠡᠷᠦᠩᠬᠡᠶ ᠬᠡᠮᠵᠢᠶ᠎ᠡ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠵᠦ᠂ ᠢᠯᠡᠳᠲᠡ ᠦᠷ᠎ᠡ ᠪᠦᠲᠦᠮᠵᠢ ᠣᠯᠪᠠ᠃      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ︵ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠴᠡᠴᠡᠷᠯᠢᠭ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ᠂ ᠬᠥᠳᠡᠭᠡ ᠲᠣᠰᠬᠤᠨ ᠪᠠ ᠬᠤᠳᠠ ᠬᠥᠳᠡᠭᠡ ᠶᠢᠨ ᠠᠭᠤᠯᠵᠠᠷ ᠬᠡᠰᠡᠭ ᠲᠤ ᠬᠡᠦᠬᠡᠳ ᠤᠨ ᠴᠡᠴᠡᠷᠯᠢᠭ ᠰᠢᠨ᠎ᠡ ᠪᠠᠷ ᠪᠠᠶᠢᠭᠤᠯᠬᠤ︶᠂ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠠᠬᠢᠭᠤᠯᠬᠤ ᠢᠨᠵᠧᠨᠧᠷᠢᠩ᠂ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠭᠡᠷ ᠪᠠᠶᠢᠰᠢᠩ ᠵᠢᠴᠢ ᠠᠶᠤᠯ ᠦᠬᠡᠢ ᠪᠣᠯᠭᠠᠨ ᠰᠢᠨᠡᠳᠬᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠪᠦᠲᠦᠮᠵᠢᠲᠡᠶ ᠪᠠᠷ ᠨᠡᠮᠡᠭᠳᠡᠭᠦᠯᠵᠦ᠂ ᠢᠯᠠᠩᠭᠤᠶ᠎ᠠ ᠲᠠᠷᠢᠶᠠᠯᠠᠬᠤ ᠮᠠᠯᠵᠢᠬᠤ ᠣᠷᠣᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠲᠤᠭ᠎ᠠ ᠶᠢ ᠥᠷᠭᠡᠳᠬᠡᠨ ᠨᠡᠮᠡᠭᠳᠡᠭᠦᠯᠵᠦ᠂ ᠲᠤᠬᠠᠶ ᠶᠢᠨ ᠭᠠᠵᠠᠷ ᠤᠨ ︽ᠬᠡᠦᠬᠡᠳ ᠤᠨ ᠴᠡᠴᠡᠷᠯᠢᠭ ᠲᠤ ᠣᠷᠣᠬᠤ ᠳᠤ ᠪᠡᠷᠬᠡᠲᠡᠶ︾ ᠠᠰᠠᠭᠤᠳᠠᠯ ᠢ ᠲᠦᠢᠯ ᠤᠨ ᠶᠡᠭᠡ ᠪᠠᠷ ᠨᠠᠮᠳᠠᠭᠤᠯᠵᠤ᠂ ᠬᠤᠳᠠ ᠬᠥᠳᠡᠭᠡ ᠶᠢ ᠪᠦᠷᠬᠦᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃      2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠨᠡᠶᠢᠲᠡ ᠪᠠᠷᠤᠭ 18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ 160 ᠰᠢᠬᠠᠮ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 2ᠲᠦᠮᠡ ᠰᠢᠬᠠᠮ ᠰᠤᠷᠤᠯᠭ᠎ᠠ ᠶᠢᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠬᠡᠦᠬᠡᠳ ᠤᠨ ᠴᠡᠴᠡᠷᠯᠢᠭ ᠲᠤ ᠣᠷᠣᠬᠤ ᠳᠤ ᠪᠡᠷᠬᠡᠲᠡᠢ ᠪᠠᠶᠢᠬᠤ ᠠᠰᠠᠭᠤᠳᠠᠯ ᠢ ᠤᠯᠠᠮ ᠨᠠᠮᠳᠠᠭᠤᠯᠬᠤ ᠪᠣᠯᠣᠨ᠎ᠠ᠃     ︽ᠴᠡᠴᠡᠷᠯᠢᠭ ᠤᠨ ᠰᠦᠢᠳᠬᠡᠯ ᠦᠨᠡᠲᠡᠶ︾ ᠪᠠᠶᠢᠬᠤ ᠠᠰᠠᠭᠤᠳᠠᠯ ᠢ ᠬᠡᠷᠬᠢᠨ ᠰᠢᠶᠳᠪᠦᠷᠢᠯᠡᠬᠦ ᠪᠤᠢ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠬᠦ ᠲᠤᠰᠬᠠᠶ ᠪᠡᠯᠡ ᠮᠥᠩᠭᠦ︾ ᠶᠢ ᠪᠠᠶᠢᠭᠤᠯᠵᠤ᠂ ᠵᠢᠯ ᠪᠦᠷᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠶᠢᠷᠢ ᠲᠦᠷᠢᠶᠡᠰᠦᠯᠡᠬᠦ᠂ ᠲᠦᠬᠦᠭᠡᠷᠦᠮᠵᠢ ᠬᠤᠳᠠᠯᠳᠤᠨ ᠠᠪᠬᠤ᠂ ᠦᠨᠳᠦᠰᠦᠨ ᠰᠡᠯᠪᠢᠨ ᠵᠠᠰᠠᠯᠲᠠ ᠬᠢᠬᠦ᠂ ᠡᠵᠡᠩᠨᠡᠨ ᠠᠵᠢᠯᠯᠠᠬᠤ ᠵᠡᠷᠭᠡ ᠶᠢ ᠨᠥᠬᠦᠪᠦᠷᠢᠯᠡᠬᠦ ᠳ᠋ᠦ‌‍ᠳᠦ᠋ᠩᠰᠢᠭᠤᠷ ᠭᠠᠷᠤᠢ ᠲᠥᠭᠦᠷᠢᠭ ᠪᠡᠯᠡ ᠮᠥᠩᠭᠦ ᠲᠣᠬᠢᠷᠠᠭᠤᠯᠤᠨ᠂ ︽ᠵᠠᠰᠠᠭ ᠤᠨ ᠣᠷᠳᠣᠨ ᠢᠶᠠᠷ ᠭᠤᠣᠯᠯᠠᠨ ᠭᠤᠣᠯᠯᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠠᠯᠪᠠᠨ ᠠᠴᠠ ᠡᠷᠬᠢᠯᠡᠬᠦ ᠪᠠ ᠠᠷᠠᠳ ᠠᠴᠠ ᠡᠷᠬᠢᠯᠡᠬᠦ ᠶᠢ ᠬᠤᠣᠰᠯᠠᠭᠤᠯᠬᠤ︾ ᠴᠡᠴᠡᠷᠯᠢᠭ ᠡᠷᠬᠢᠯᠡᠬᠦ ᠪᠠᠶᠢᠭᠤᠯᠤᠯ ᠤᠨ ᠪᠦᠷᠢᠯᠳᠦᠯ ᠢ ᠬᠦᠴᠦᠲᠡᠶ ᠠᠬᠢᠭᠤᠯᠪᠠ᠃ ᠴᠡᠴᠡᠷᠯᠢᠭ ᠲᠤ ᠣᠷᠣᠬᠤ ᠳᠤ ᠦᠨᠡᠲᠡᠶ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠶᠢᠨ ᠲᠤᠰᠠᠳᠠ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠢᠮᠣᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠭᠠᠵᠠᠷ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ ᠶᠢᠨ ᠬᠠᠮᠲᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠬᠦ᠂ ᠳᠡᠮᠵᠢᠯᠭᠡ ᠦᠵᠡᠭᠦᠯᠬᠦ ᠶᠠᠪᠤᠳᠠᠯ ᠢᠶᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠵᠠᠩᠭᠢᠯᠠᠭ᠎ᠠ ᠪᠣᠯᠭᠠᠨ᠎ᠠ᠃      ᠬᠡᠦᠬᠡᠳ ᠤᠨ ᠴᠡᠴᠡᠷᠯᠢᠭ ᠢ ︽ᠠᠯᠪᠠᠨ ᠠᠴᠠ ᠪᠠᠶᠢᠭᠤᠯᠵᠤ ᠠᠷᠠᠳ ᠠᠴᠠ ᠡᠷᠬᠢᠯᠡᠬᠦ︾ ᠠᠵᠢᠯᠯᠠᠬᠤ ᠵᠠᠭᠪᠤᠷ ᠢ ᠰᠦᠪᠡᠭᠴᠢᠯᠡᠨ᠎ᠡ      ᠨᠥᠬᠦᠪᠥᠷᠢ ᠶᠢᠨ ᠪᠡᠯᠡ ᠮᠥᠩᠭᠦ ᠶᠢ ᠬᠡᠷᠬᠢᠨ ᠨᠡᠩ ᠣᠨᠣᠪᠴᠢᠲᠠᠢ ᠣᠯᠭᠤᠵᠤ ᠴᠢᠳᠠᠬᠤ ᠪᠤᠢ︖      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠬᠦ ᠵᠢᠴᠢ ᠬᠠᠮᠢᠶᠠᠷᠬᠤ ᠠᠷᠭ᠎ᠠ︾ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠨ ᠲᠣᠭᠲᠠᠭᠠᠬᠤ ᠪᠠ ᠲᠡᠳᠬᠦᠨ ᠳᠡᠮᠵᠢᠬᠦ ᠬᠡᠷᠡᠭᠵᠢᠭᠦᠯᠦᠯᠲᠡ ᠶᠢᠨ ᠨᠠᠷᠢᠨ ᠳᠦᠷᠢᠮ ︵ᠪᠠᠷᠢᠮᠵᠢᠶ᠎ᠠ︶ ᠢ ᠲᠣᠭᠲᠠᠭᠠᠵᠤ᠂ 2016 ᠣᠨ ᠳᠤ ᠨᠡᠶᠢᠲᠡ 472 ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠨ ᠲᠣᠭᠲᠠᠭ᠋ᠪᠠ᠃ ᠡᠳᠡᠭᠡᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠨᠢ ᠮᠥᠨ ᠴᠦ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠬᠦ ᠲᠤᠰᠬᠠᠶ ᠪᠡᠯᠡ ᠮᠥᠩᠭᠦ ᠶᠢᠨ ᠭᠤᠣᠯᠳᠠᠯᠭ᠎ᠠ ᠲᠠᠢ ᠨᠥᠬᠦᠪᠥᠷᠢ ᠥᠭᠬᠦ ᠴᠡᠴᠡᠷᠯᠢᠭ ᠪᠣᠯᠬᠤᠷ ᠨᠥᠬᠦᠪᠥᠷᠢ ᠪᠡᠯᠡ ᠮᠥᠩᠭᠦ ᠶᠢ ᠨᠡᠩ ᠣᠨᠣᠪᠴᠢᠲᠠᠶ ᠣᠯᠭᠤᠵᠤ᠂ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠪᠣᠯᠣᠨ᠎ᠠ᠃      ᠡᠭᠦᠨ ᠤ ᠬᠠᠮᠲᠤ᠂ ᠵᠠᠷᠢᠮ ᠠᠶᠢᠮᠠᠭ ᠬᠤᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠬᠡᠦᠬᠡᠳ ᠤᠨ ᠴᠡᠴᠡᠷᠯᠢᠭ ᠢ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠠᠵᠢᠯᠯᠠᠭᠠᠨ ᠤ ᠵᠠᠭᠪᠤᠷᠰᠢᠯ ᠢ ᠬᠠᠶᠢᠨ ᠰᠦᠪᠡᠭᠴᠢᠯᠡᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠢᠯᠤᠭᠤᠳᠤᠯᠭ᠎ᠠ ᠪᠤᠯᠤᠨ ᠬᠠᠮᠢᠶᠠᠷᠤᠯᠲᠠ ᠶᠢᠨ ᠳᠣᠣᠷ᠎ᠠ ᠠᠰᠠᠷᠠᠨ ᠬᠥᠮᠦᠵᠢᠭᠦᠯᠬᠦ ᠠᠵᠢᠯ ᠢ ᠥᠷᠨᠢᠭᠦᠯᠦᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠬᠤ ᠪᠠ ᠲᠥᠷᠥᠯ ᠲᠡᠰ ᠰᠢᠯᠭᠠᠨ ᠲᠤᠭᠲᠠᠭᠠᠬᠤ ᠶᠢ ᠬᠦᠯᠢᠶᠡᠵᠤ᠂ ᠰᠦᠢᠳᠬᠡᠯ ᠬᠤᠷᠢᠶᠠᠬᠤ ᠲᠦᠷᠦᠯ ᠵᠦᠢᠯ ᠪᠣᠯᠤᠨ ᠪᠠᠷᠢᠮᠵᠢᠶ᠎ᠠ ᠶᠢ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠢ ᠪᠠᠷ ᠯᠠᠪᠯᠠᠯᠲᠠ ᠪᠤᠯᠭᠠᠨ ᠭᠦᠢᠴᠡᠳᠬᠡᠨ᠎ᠡ᠃ ᠰᠤᠷᠭᠠᠨ ᠬᠦᠮᠦᠵᠢᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠢᠳᠡᠭᠡᠨ ᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠦᠬᠡᠳ ᠤᠨ ᠴᠡᠴᠡᠷᠯᠢᠭ ᠲᠤ ᠠᠮᠤᠷ ᠲᠦᠪᠰᠢᠨ ᠤ ᠪᠠᠶᠢᠴᠠᠭᠠᠯᠲᠠ ᠬᠢᠵᠤ᠂ ᠴᠡᠴᠡᠷᠯᠢᠭ ᠲᠤ ᠪᠠᠶᠢᠭ᠎ᠠ ᠬᠡᠦᠬᠡᠳ ᠤᠨ ᠪᠡᠶ᠎ᠡ ᠶᠢᠨ ᠠᠮᠤᠷ ᠲᠦᠪᠰᠢᠨ ᠪᠠ ᠪᠡᠶ᠎ᠡ ᠶᠢᠨ ᠡᠷᠡᠭᠦᠯ ᠮᠡᠨᠳᠦ ᠪᠠᠶᠢᠬᠤ ᠶᠢ ᠦᠨᠡᠨ ᠬᠦ ᠪᠠᠲᠤᠯᠠᠬᠤ ᠪᠤᠯᠤᠨ᠎ᠠ᠃      3 ᠵᠢᠯ ᠤᠨ ᠲᠤᠷᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠡᠶᠢᠲᠡ 57.42 ᠳ᠋ᠦᠡᠭᠰᠢᠭᠤᠷ ᠲᠥᠭᠦᠷᠢᠭ ᠤᠷᠤᠭᠤᠯᠵᠤ᠂ ᠰᠢᠨ᠎ᠡ ᠪᠠᠷ 932 ᠬᠡᠦᠬᠡᠳ ᠤᠨ ᠴᠡᠴᠡᠷᠯᠢᠭ ᠪᠠᠶᠢᠭᠤᠯᠪᠠ᠂ ᠡᠭᠦᠨ ᠳᠤ ᠠᠯᠪᠠᠨ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ 515᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 417᠂ ᠰᠢᠨ᠎ᠡ ᠪᠠᠷ ᠨᠡᠮᠡᠭᠳᠡᠭᠰᠡᠨ ᠬᠡᠦᠬᠡᠳ ᠤᠨ ᠰᠤᠷᠤᠯᠭ᠎ᠠ ᠶᠢᠨ ᠪᠠᠶᠢᠷᠢ 91986 ᠪᠤᠢ᠃      ᠬᠡᠷᠡᠴᠢ ᠦᠨᠡᠮᠯᠡᠯ ᠦᠭᠡᠢ ᠪᠤᠶᠤ ᠬᠦᠨᠳᠦ ᠨᠤᠴᠢᠲᠠᠢ ᠳᠠᠯᠳᠠ ᠬᠡᠮ ᠤᠷᠤᠰᠢᠵᠤ ᠪᠠᠶᠢᠭ᠎ᠠ ︽ᠬᠠᠷ᠎ᠠ ᠴᠡᠴᠡᠷᠯᠢᠭ︾ ᠢ ᠬᠡᠷᠬᠢᠨ ᠵᠠᠰᠠᠨ ᠴᠡᠭᠴᠡᠯᠡᠬᠦ ᠪᠤᠢ︖      ᠬᠢᠷᠢ ᠲᠡᠩᠴᠡᠭᠰᠡᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠷᠭᠦᠯᠵᠢᠯᠡᠨ ᠲᠡᠳᠬᠦᠨ ᠳᠡᠮᠵᠢᠵᠤ᠂ ᠳᠡᠭᠡᠭᠰᠢᠯᠡᠬᠦᠯᠬᠦ ᠪᠤᠯᠤᠮᠵᠢ ᠲᠠᠢ ᠪᠠᠷᠢᠮᠵᠢᠶ᠎ᠠ ᠳᠤ ᠬᠦᠷᠦᠭᠰᠡᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠴᠡᠭᠴᠡᠯᠡᠵᠤ᠂ ᠬᠡᠷᠡᠴᠢ ᠦᠨᠡᠮᠯᠡᠯ ᠦᠭᠡᠢ ᠪᠤᠶᠤ ᠬᠦᠨᠳᠦ ᠨᠣᠴᠢᠲᠠᠶ ᠲᠠᠯᠳᠠ ᠭᠡᠮ ᠣᠷᠣᠰᠢᠵᠤ ᠪᠠᠶᠢᠭ᠎ᠠ ︽ᠬᠠᠷ᠎ᠠ ᠴᠡᠴᠡᠷᠯᠢᠭ︾ ᠢ ᠢᠯᠭᠠᠷᠠᠭᠤᠯᠵᠤ᠂ ᠠᠯᠪᠠᠨ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠤᠨ ᠵᠠᠬᠢᠷᠤᠯ ᠪᠤᠯᠤᠨ ᠪᠠᠭᠰᠢ ᠨᠠᠷ ᠢ ᠲᠤᠮᠢᠯᠠᠨ ᠰᠠᠭᠤᠯᠭᠠᠵᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠬᠠᠪᠰᠤᠷᠤᠨ ᠬᠦᠲᠦᠯᠦᠨ ᠵᠢᠯᠤᠭᠤᠳᠴᠤ ᠪᠠᠶᠢᠭᠠᠳ ᠡᠯ᠎ᠡ ᠵᠦᠢᠯ ᠤᠨ ᠳᠦᠷᠢᠮ ᠲᠣᠭᠲᠠᠭᠠᠯ ᠢ ᠨᠢ ᠪᠦᠷᠢᠨᠰᠢᠬᠦᠯᠵᠤ᠂ ᠰᠢᠨᠵᠢᠯᠡᠬᠦ ᠤᠬᠠᠭᠠᠨᠴᠢ ᠪᠠᠷ ᠠᠰᠠᠷᠠᠨ ᠬᠦᠮᠦᠵᠢᠬᠦᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠭᠦᠯᠬᠦ ᠶᠢᠨ ᠬᠠᠮᠲᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠬᠢᠨᠠᠨ ᠵᠦᠪᠰᠢᠶᠡᠷᠡᠬᠦ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ   ᠴᠢᠩᠭᠠᠳᠬᠠᠵᠤ᠂ ᠪᠣᠳᠠᠲᠤ ᠬᠦᠴᠦᠨ ᠲᠠᠢ᠂ ᠠᠵᠢᠯ ᠦᠢᠯᠡᠰᠴᠢ ᠠᠵᠤ ᠠᠬᠤᠶᠢᠯᠠᠯ ᠪᠤᠯᠤᠨ ᠬᠤᠪᠢ ᠬᠥᠮᠦᠨ  ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠡᠷᠬᠢᠯᠡᠬᠦ ᠶᠢ ᠨᠢ ᠲᠡᠳᠬᠦᠨ ᠳᠡᠮᠵᠢᠵᠦ᠂ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠪᠠᠷᠢᠮᠵᠢᠶ᠎ᠠ ᠶᠢ ᠳᠡᠭᠡᠭᠰᠢᠯᠡᠬᠦᠯᠦᠨ᠎ᠡ᠃ ᠪᠣᠳᠠᠲᠤ ᠬᠦᠴᠦᠨ ᠢᠶᠠᠷ ᠰᠤᠯᠠᠬᠠᠨ᠂ ᠬᠠᠮᠢᠶᠠᠷᠤᠯᠲᠠ ᠪᠤᠯᠤᠨ ᠰᠤᠷᠭᠠᠨ ᠬᠥᠮᠦᠵᠢᠯ ᠢ  ᠤᠶᠢᠯᠠᠭᠠᠳᠠᠭ ᠦᠭᠡᠢ ᠪᠡᠯᠠ ᠣᠷᠣᠭᠤᠯᠤᠭᠴᠢ ᠶᠢ ᠡᠷᠡᠰ ᠬᠢᠨᠠᠨ ᠵᠥᠪᠰᠢᠶᠡᠷᠡᠬᠦ ᠦᠭᠡᠢ᠃ ᠬᠡᠤᠬᠡᠳ ᠤᠨ ᠴᠡᠴᠡᠷᠯᠢᠭ ᠡᠷᠭᠢᠯᠡᠬᠦ ᠬᠢᠷᠢ ᠲᠦᠪᠰᠢᠨ ᠳᠣᠣᠷ᠎ᠠ᠂ ᠠᠮᠤᠷ ᠲᠦᠪᠰᠢᠨ ᠤ ᠲᠠᠯᠲᠠ ᠬᠡᠮ ᠤᠯᠠᠨ᠂ ᠰᠤᠷᠭᠠᠭᠤᠯᠢ ᠡᠷᠬᠢᠯᠡᠬᠦ ᠱᠠᠭᠠᠷᠳᠠᠯᠭ᠎ᠠ ᠳᠤ ᠦᠯᠦ ᠨᠡᠶᠢᠴᠡᠭᠰᠡᠳ ᠢ ᠵᠠᠷᠯᠢᠭᠳᠠᠨ ᠵᠤᠭᠰᠤᠭᠠᠨ᠎ᠠ᠃      ︽ᠬᠠᠷ᠎ᠠ ᠴᠡᠴᠡᠷᠯᠢᠭ︾ ᠡᠯ᠎ᠡ ᠭᠠᠵᠠᠷ ᠲᠤ ᠠᠳᠠᠯᠢ ᠪᠤᠰᠤ ᠪᠠᠷ ᠲᠠᠷᠬᠠᠵᠤ᠂ ᠡᠶᠢᠮᠦᠷᠬᠦ ᠬᠡᠦᠬᠡᠳ ᠤᠨ ᠴᠡᠴᠡᠷᠯᠢᠭ ᠢ ᠣᠯᠠᠨᠲᠠ ᠴᠠᠭᠠᠵᠠᠯᠠᠭᠰᠠᠨ ᠪᠤᠯᠪᠠᠴᠤ ᠠᠷᠢᠯᠭᠠᠵᠤ ᠳᠡᠶᠢᠯᠬᠦ ᠦᠭᠡᠢ ᠪᠠᠶᠢᠭ᠎ᠠ ᠶᠢᠨ ᠮᠥᠨ ᠴᠢᠨᠠᠷ ᠤᠨ ᠰᠢᠯᠲᠠᠭᠠᠨ   ᠨᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠴᠦᠬᠡᠨ ᠪᠠᠶᠢᠬᠤ ᠳᠤ ᠪᠤᠢ᠂ ᠡᠶᠢᠮᠦ ᠠᠴᠠ ᠪᠢᠳᠡ ᠤᠷᠢᠳᠠᠪᠠᠷ ᠦᠨᠳᠦᠰᠦ ᠠᠴᠠ ᠨᠢ ᠵᠠᠰᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢᠨ ᠬᠠᠮᠲᠤ ᠪᠠᠰᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠬᠠᠷ᠎ᠠ ᠴᠡᠴᠡᠷᠯᠢᠭ︾ ᠢ ᠵᠠᠰᠠᠨ ᠴᠡᠭᠴᠡᠯᠡᠬᠦ ᠠᠵᠢᠯ ᠢ ᠰᠤᠯᠠᠷᠠᠰᠢ ᠦᠬᠡᠢ ᠴᠢᠩᠭ᠎ᠠ ᠠᠳᠬᠤᠨ᠎ᠠ᠃      ᠡᠭᠦᠨ ᠠᠴᠠ ᠡᠮᠦᠨ᠎ᠡ᠂ ᠤᠯᠤᠰ ᠠᠴᠠ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠡᠶᠢᠲᠡᠯᠡᠵᠤ᠂ ︽ᠬᠠᠷ᠎ᠠ ᠴᠡᠴᠡᠷᠯᠢᠭ︾ ᠢ ᠴᠡᠭᠴᠡᠯᠡᠨ ᠵᠠᠰᠠᠬᠤ ᠶᠢ ᠳᠤᠷᠠᠳᠪᠠ᠂ ᠨᠥᠬᠦᠴᠡᠯ ᠢ ᠦᠨᠳᠦᠰᠦᠨ ᠳᠤ ᠪᠠᠨ ᠪᠦᠷᠢᠯᠳᠦᠭᠦᠯᠦᠭᠰᠡᠨ ᠪᠣᠯᠪᠠᠴᠤ ᠬᠢᠨᠠᠨ ᠵᠥᠪᠰᠢᠶᠡᠷᠡᠬᠦ ᠨᠥᠬᠦᠴᠡᠯ ᠢ ᠬᠠᠷᠠᠬᠠᠨ ᠪᠦᠷᠢᠯᠳᠦᠭᠦᠯᠦᠬᠡᠳᠦᠢ ᠴᠡᠴᠡᠷᠯᠢᠭ ᠢ ᠠᠷᠠᠳ ᠤᠨ ᠵᠠᠰᠠᠭ ᠤᠨ ᠣᠷᠳᠣᠨ ᠲᠡᠳᠬᠦᠨ ᠳᠡᠮᠵᠢᠬᠦ ᠪᠠᠷ ᠳᠠᠮᠵᠢᠭᠤᠯᠤᠨ ᠲᠡᠭᠦᠨ ᠢ ᠴᠡᠭᠴᠡᠯᠡᠨ ᠵᠠᠰᠠᠭᠤᠯᠵᠤ᠂ ᠬᠡᠪ ᠤᠨ ᠬᠡᠦᠬᠡᠳ ᠤᠨ ᠴᠡᠴᠡᠷᠯᠢᠭ ᠶᠤᠰᠤᠭᠠᠷ ᠡᠷᠬᠢᠯᠡᠭᠦᠯᠦᠨ᠎ᠡ᠂ ᠨᠥᠭᠦᠭᠡ ᠨᠢᠭᠡ ᠲᠥᠷᠥᠯ ᠢ ᠬᠠᠪᠰᠤᠷᠤᠨ ᠲᠡᠳᠭᠦᠭᠡᠳ ᠮᠥᠨ ᠬᠦ ᠪᠠᠷᠢᠮᠵᠢᠶ᠎ᠠ ᠳᠤ ᠬᠦᠷᠬᠦ ᠦᠭᠡᠶ ᠪᠠ ᠬᠡᠦᠬᠡᠳ ᠤᠨ ᠪᠡᠶ᠎ᠡ ᠮᠠᠬᠠᠪᠣᠳ ᠪᠤᠯᠤᠨ ᠠᠮᠢ ᠨᠠᠰᠤᠨ ᠤ ᠠᠮᠤᠷ ᠲᠦᠪᠰᠢᠨ ᠢ ᠨᠦᠯᠦᠭᠡᠯᠡᠬᠦ ᠶᠢ ᠡᠷᠡᠰ ᠴᠡᠭᠠᠵᠠᠯᠠᠨ᠎ᠠ᠃      ᠡᠯ᠎ᠡ ᠭᠠᠵᠠᠷ ᠤᠨ ᠬᠡᠷᠡᠭᠵᠢᠬᠦᠯᠦᠭᠰᠡᠨ ᠪᠠᠶᠢᠳᠠᠯ ᠨᠢ ᠶᠠᠮᠠᠷ ᠵᠡᠷᠭᠡ ᠪᠤᠢ︖      2011 ᠣᠨ ᠪᠠ 2014 ᠣᠨ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠬᠤᠭᠤᠴᠠᠭ᠎ᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠵᠠᠯᠭᠠᠭ᠎ᠠ ᠪᠠᠷ ᠡᠬᠢᠯᠡᠨ ᠬᠡᠷᠡᠭᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠬᠡᠷᠡᠭᠯᠡᠵᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠬᠦᠭᠵᠢᠬᠦᠯᠪᠡ᠃ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠲᠤᠭ᠎ᠠ ᠪᠠᠷᠢᠮᠲᠠ ᠠᠴᠠ ᠦᠵᠡᠪᠡᠯ᠄ ᠬᠤᠶᠠᠳᠤᠭᠠᠷ ᠬᠤᠭᠤᠴᠠᠭ᠎ᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ  ᠬᠡᠷᠡᠭᠵᠢᠬᠦᠯᠦᠭᠰᠡᠨ ᠠᠴᠠ ᠨᠠᠰᠢ᠂ ᠪᠥᠬᠦ ᠣᠷᠣᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠡᠳᠭᠡᠬᠦ ᠳᠤ ᠬᠡᠷᠡᠭᠯᠡᠬᠦ ᠪᠠᠷ ᠨᠡᠶᠢᠲᠡ 50.1 ᠳ᠋ᠦᠡᠭᠰᠢᠭᠤᠷ ᠲᠥᠭᠦᠷᠢᠭ ᠤᠨ ᠪᠡᠯᠡ ᠮᠥᠩᠭᠦ ᠤᠷᠤᠭᠤᠯᠪᠠ᠂ ᠡᠭᠦᠨ ᠳᠤ᠄ 39.94 ᠳ᠋ᠦᠡᠭᠰᠢᠭᠤᠷ ᠲᠥᠭᠦᠷᠢᠭ ᠢ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠤ ᠬᠡᠷᠡᠭᠯᠡᠵᠤ᠂ 10.16 ᠳ᠋ᠦᠡᠭᠰᠢᠭᠤᠷ ᠲᠦᠭᠦᠷᠢᠭ ᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠲᠡᠳᠬᠦᠨ ᠳᠡᠮᠵᠢᠬᠦ ᠳᠤ ᠬᠡᠷᠡᠭᠯᠡᠪᠡ᠃ 2014 ᠣᠨ ᠳᠤ ᠪᠦᠬᠦ ᠣᠷᠣᠨ ᠳᠤ ᠰᠢᠨ᠎ᠡ ᠪᠠᠷ 400 ᠬᠡᠦᠬᠡᠳ ᠤᠨ ᠴᠡᠴᠡᠷᠯᠢᠭ ᠪᠠᠶᠢᠭᠤᠯᠪᠠ︔ 2015-2016 ᠤᠨ ᠤ 5 ᠳ᠋ᠤᠭᠠᠷ ᠰᠠᠷ᠎ᠠ ᠪᠤᠯᠬᠤ ᠳᠤ᠂ ᠪᠦᠬᠦ ᠣᠷᠣᠨ ᠳᠤ 794 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠪᠠ︔ 2016 ᠣᠨ ᠤ ᠳᠣᠣᠷ᠎ᠠ ᠬᠠᠭᠠᠰ ᠵᠢᠯ ᠳᠤ 235 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠪᠠ᠃ ᠪᠦᠬᠦ ᠣᠷᠣᠨ ᠬᠤᠶᠠᠳᠤᠭᠠᠷ ᠬᠤᠭᠤᠴᠠᠭ᠎ᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠬᠦ ᠪᠠᠷ ᠪᠠᠶᠢᠨ᠎ᠠ᠃      2016 ᠣᠨ ᠠᠴᠠ ᠨᠠᠰᠢ᠂ ᠪᠦᠬᠦ ᠣᠷᠣᠨ ᠤ ᠡᠯ᠎ᠡ ᠠᠶᠢᠮᠠᠭ ᠬᠤᠲᠠ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠡᠷᠡᠭᠵᠢᠭᠦᠯᠬᠦ ᠨᠠᠷᠢᠨ ᠳᠦᠷᠢᠮ ᠢ ᠵᠠᠯᠭ᠎ᠠ ᠵᠠᠯᠭ᠎ᠠ ᠪᠠᠷ ᠲᠤᠭᠲᠠᠭᠠᠪᠠ᠂ ᠵᠢᠱᠢᠶᠡᠯᠡᠪᠡᠯ ︽ᠬᠢᠩᠭᠠᠨ ᠠᠶᠢᠮᠠᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠬᠦ ᠪᠠ ᠬᠠᠮᠢᠶᠠᠷᠬᠤ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ︽ᠲᠦᠩᠯᠢᠶᠣᠤ ᠬᠤᠳᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠬᠦ ᠪᠠ ᠵᠢᠱᠢᠬᠦ ᠨᠠᠷᠢᠨ ᠳᠦᠷᠢᠮ︾ ︽ᠬᠥᠬᠡᠬᠤᠲᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ  ᠬᠡᠤᠭᠡᠳ ᠤᠨ ᠴᠡᠴᠡᠷᠯᠢᠭ ᠢ ᠦᠨᠡᠮᠰᠢᠬᠦ ᠪᠠ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾᠂ ︽ᠣᠷᠳᠣᠰ ᠬᠤᠲᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠬᠦ ᠪᠠ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠤᠶ᠃      2016 ᠣᠨ ᠳᠤ᠂ ᠬᠥᠬᠡᠬᠤᠲᠠ 8 ᠬᠤᠰᠢᠭᠤ ᠰᠢᠶᠠᠨ ᠲᠣᠭᠤᠷᠢᠭ ᠤᠨ ᠠᠷᠠᠳ ᠠᠴᠠ ᠡᠷᠬᠢᠯᠡᠭᠰᠡᠨ 98 ᠬᠡᠦᠬᠡᠳ ᠤᠨ ᠴᠡᠴᠡᠷᠯᠢᠭ ᠢ ᠠᠩᠬᠠᠳᠤᠭᠠᠷ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ ᠲᠤᠭᠲᠠᠭᠠᠪᠠ︔ ᠲᠦᠩᠯᠢᠶᠣᠤ ᠬᠤᠲᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ 55 ᠬᠡᠦᠬᠡᠳ ᠤᠨ ᠴᠡᠴᠡᠷᠯᠢᠭ ᠢ ᠦᠨᠡᠮᠰᠢᠨ ᠲᠤᠭᠲᠠᠭᠠᠪᠠ︔ ᠬᠢᠩᠭᠠᠨ ᠠᠶᠢᠮᠠᠭ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ 90 ᠬᠡᠦᠬᠡᠳ ᠤᠨ ᠴᠡᠴᠡᠷᠯᠢᠭ ᠢ ᠠᠩᠬᠠᠳᠤᠭᠠᠷ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠤᠭᠡᠳ ᠤᠨ ᠴᠡᠴᠡᠷᠯᠢᠭ ᠪᠤᠯᠭᠠᠨ ᠦᠨᠡᠮᠰᠢᠨ ᠲᠤᠭᠲᠠᠭᠠᠭᠰᠠᠨ ᠪᠥᠭᠡᠳ 2016 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠡᠳᠭᠦᠨ ᠳᠡᠮᠵᠢᠬᠦ ᠬᠤᠶᠠᠳᠤᠭᠠᠷ ᠪᠦᠯᠦᠭ ᠲᠤᠰᠬᠠᠶ ᠵᠦᠢᠯ ᠤᠨ ᠪᠡᠯᠡ ᠮᠥᠩᠭᠦ ᠶᠢ 274 ᠲᠦᠮᠡᠨ ᠲᠥᠭᠦᠷᠢᠭ ᠬᠦᠷᠲᠡᠪᠡ︔ ᠣᠷᠳᠣᠰ ᠬᠤᠲᠠ ᠠᠩᠬᠠᠳᠤᠭᠠᠷ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ 12 ᠬᠡᠦᠬᠡᠳ ᠤᠨ ᠴᠡᠴᠡᠷᠯᠢᠭ ᠢ ᠦᠨᠡᠮᠰᠢᠨ ᠲᠤᠭᠲᠠᠭᠠᠪᠠ︔ ᠪᠠᠶᠠᠨᠨᠠᠭᠤᠷ ᠬᠤᠳᠠ ᠴᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠦᠨᠡᠮᠰᠢᠨ ᠲᠤᠭᠲᠠᠭᠠᠬᠤ ᠠᠵᠢᠯ ᠢ ᠥᠷᠨᠢᠭᠦᠯᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ