4 ᠳ᠋ᠦ᠋ᠭᠡᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠲᠤᠷᠠᠨ ᠮᠡᠳᠡᠭᠡ ᠨᠡᠶᠢᠲᠡᠯᠡᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ | ︵ᠡᠭᠦᠨ ᠳᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠢᠶᠠᠨ ᠳᠠᠬᠢ ᠠᠵᠢᠯ | ᠦᠢᠯᠡᠰ ᠤᠨ ᠨᠢᠭᠡᠴᠡ ᠪᠠᠭᠲᠠᠨ᠎ᠠ᠂ ᠳᠣᠷᠣᠭᠰᠢ ᠠᠳᠠᠯᠢ︶ ᠶᠢᠨ ᠠᠵᠢᠯᠲᠠᠨ ᠨᠥᠬᠦᠪᠦᠷᠢᠯᠡᠬᠦ ᠬᠡᠷᠡᠭᠴᠡᠭᠡ ᠶᠢ | ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | 2017 ᠣᠨ ᠤ ᠢᠯᠡ ᠪᠠᠷ ᠠᠵᠢᠯᠲᠠᠨ ᠡᠯᠰᠡᠬᠦ ᠠᠵᠢᠯ ᠢ ᠥᠷᠨᠢᠭᠦᠯᠬᠦ ᠪᠠᠷ ᠲᠣᠭᠲᠠᠪᠠ᠃ ᠡᠨᠡ ᠤᠳᠠᠭ᠎ᠠ1412 | ᠨᠡᠷ᠎ᠡ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤᠷᠢᠨ ᠡᠯᠰᠡᠬᠦ ᠪᠠᠷ ᠲᠥᠯᠥᠪᠯᠡᠵᠦ ᠪᠠᠶᠢᠨ᠎ᠠ᠃ ᠨᠡᠷ᠎ᠡ ᠮᠡᠳᠡᠭᠦᠯᠬᠦ | ᠴᠠᠭ ᠢ ᠬᠤᠶᠠᠷ ᠱᠠᠲᠤ ᠬᠤᠪᠢᠶᠠᠨ᠎ᠠ᠂ ᠨᠢᠭᠡᠳᠦᠭᠡᠷ ᠱᠠᠲᠤᠨ ᠳᠤ 5 ᠳ᠋ᠤᠭᠠᠷ ᠰᠠᠷ᠎ᠠ ᠶᠢᠨ 2 ᠤᠨ ᠡᠳᠦᠷ ᠤᠨ 9 ᠴᠠᠭ | ~ 5 ᠤ ᠡᠳᠦᠷ ᠤᠨ 17 ᠴᠠᠭ ᠪᠣᠯᠲᠠᠯ᠎ᠠ ︽ ᠠᠵᠢᠯ ᠲᠥᠷᠥᠯ ᠤᠨ ᠠᠵᠢᠯᠲᠠᠨ︾ ᠤ ᠪᠠᠶᠢᠷᠢ ᠪᠣᠯᠣᠨ ︽ᠮᠣᠩᠭᠤᠯ | ᠬᠢᠲᠠᠳ ᠬᠡᠯᠡᠨ ᠳᠤ ᠨᠡᠪᠲᠡᠷᠡᠭᠰᠡᠨ︾ ᠠᠵᠢᠯᠲᠠᠨ ᠤ ᠪᠠᠶᠢᠷᠢ ᠳᠤ ᠨᠡᠷ᠎ᠡ ᠮᠡᠳᠡᠭᠦᠯᠦᠨ᠎ᠡ︔ ᠬᠤᠶᠠᠳᠤᠭᠠᠷ ᠱᠠᠲᠤᠨ ᠳᠤ | 5 ᠳ᠋ᠤᠭᠠᠷ ᠰᠠᠷ᠎ᠠ ᠶᠢᠨ 8 ᠤ ᠡᠳᠦᠷ ᠤᠨ 9 ᠴᠠᠭ ~ 12 ᠤᠨ ᠡᠳᠦᠷ ᠤᠨ 17 ᠴᠠᠭ ᠪᠣᠯᠲᠠᠯ᠎ᠠ ᠡᠩ ᠤᠨ | ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ᠎ᠡ᠃ | ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠢᠯᠡ ᠪᠠᠷ ᠤᠷᠢᠨ ᠡᠯᠰᠡᠯᠲᠡ ᠶᠢᠨ ᠬᠡᠰᠡᠭ ᠠᠵᠢᠯ ᠤᠨ ᠪᠠᠶᠢᠷᠢ ᠳᠤ ᠮᠣᠩᠭᠤᠯ ᠬᠢᠲᠠᠳ | ᠬᠡᠯᠡᠨ ᠳᠤ ᠨᠡᠪᠲᠡᠷᠡᠭᠰᠡᠨ ᠠᠵᠢᠯᠲᠠᠨ ᠪᠠ ᠮᠣᠩᠭᠤᠯ ᠢᠶᠠᠷ ᠰᠤᠷᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ︵ᠡᠨᠡ | ᠬᠤᠶᠠᠷ ᠲᠦᠷᠦᠯ ᠤᠨ ᠬᠦᠮᠦᠰ ᠢ ᠳᠣᠷᠣᠭᠰᠢ ︽ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ︾ ᠬᠦᠮᠦᠰ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠢ ᠬᠠᠨᠳᠤᠯᠭ᠎ᠠ ᠲᠠᠢ ᠡᠯᠰᠡᠨ᠎ᠡ︔ ᠬᠡᠰᠡᠭ ᠠᠵᠢᠯ ᠤᠨ ᠪᠠᠶᠢᠷᠢ ᠳᠤ ᠦᠢᠯᠡᠴᠢᠯᠡᠬᠦ | ᠬᠤᠭᠤᠴᠠᠭ᠎ᠠ ᠨᠢ ᠳᠦᠭᠦᠷᠦᠭᠰᠡᠨ ︵ᠨᠠᠭᠠᠲᠤ ᠵᠠᠬ᠎ᠠ ᠳᠠᠭᠠᠨ ᠪᠦᠬᠦᠯᠢ 2 ᠵᠢᠯ ᠦᠢᠯᠡᠴᠢᠯᠡᠭᠰᠡᠨ ᠪᠠᠶᠢᠬᠤ︶ ᠮᠥᠷᠲᠡᠭᠡᠨ | ᠬᠢᠨᠠᠨ ᠰᠢᠯᠭᠠᠭᠠᠳ ᠬᠢᠷᠢ ᠲᠡᠩᠴᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ | ᠦᠢᠯᠡᠴᠢᠯᠡᠬᠦ ᠠᠵᠢᠯ ᠲᠥᠷᠥᠯ ᠤᠨ ᠠᠵᠢᠯᠲᠠᠨ᠂ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠦᠢᠯᠡᠴᠢᠯᠡᠭᠡᠨ ᠤ ᠠᠵᠢᠯᠲᠠᠳ ᠵᠢᠴᠢ ᠴᠡᠷᠢᠭ ᠤᠨ ᠠᠯᠪᠠᠨ ᠠᠴᠠ ᠪᠠᠭᠤᠭᠰᠠᠨ ᠣᠶᠣᠲᠠᠨ | ᠪᠠᠶᠢᠯᠳᠤᠭᠴᠢ ︵ᠡᠨᠡ ᠭᠤᠷᠪᠠᠨ ᠲᠥᠷᠥᠯ ᠤᠨ ᠠᠵᠢᠯᠲᠠᠨ ᠢ ︽ᠠᠵᠢᠯ ᠲᠥᠷᠥᠯ ᠤᠨ ᠠᠵᠢᠯᠲᠠᠨ︾ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠶᠢ ᠬᠠᠨᠳᠤᠯᠭ᠎ᠠ ᠲᠠᠢ ᠡᠯᠰᠡᠨ᠎ᠡ᠃ ᠤᠷᠢᠨ ᠡᠯᠰᠡᠭᠳᠡᠭᠰᠡᠳ ᠨᠢ ᠥᠪᠥᠷ ᠮᠣᠩᠭᠤᠯ ᠤᠨ | ᠡᠷᠦᠬᠡ ᠠᠮᠠ ᠲᠠᠢ᠂ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠠᠴᠠ | ᠲᠡᠭᠦᠰᠦᠭᠰᠡᠨ ᠥᠪᠥᠷ ᠮᠣᠩᠭᠤᠯ ᠤᠨ ᠰᠤᠷᠤᠭᠴᠢᠳ ᠪᠠᠶᠢᠬᠤ ᠬᠡᠷᠡᠭᠲᠡᠢ᠃ ᠥᠪᠥᠷ ᠮᠣᠩᠭᠤᠯ ᠤᠨ ᠡᠷᠦᠬᠡ ᠠᠮᠠ | ᠪᠠᠶᠢᠬᠤ ᠦᠭᠡᠢ ᠪᠣᠯᠪᠠᠴᠣ ᠨᠥᠬᠦᠴᠡᠯ ᠤᠳ ᠤᠨ ᠨᠢᠭᠡ ᠳᠤᠨᠢ ᠨᠡᠶᠢᠴᠡᠬᠦ ᠬᠦᠮᠦᠰ ᠢ ᠤᠷᠢᠵᠤ ᠪᠣᠯᠤᠨ᠎ᠠ᠄ ᠥᠪᠥᠷ | ᠮᠣᠩᠭᠤᠯ ᠤᠨ ᠬᠠᠷᠢᠶ᠎ᠠ ᠪᠦᠬᠦᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ | ᠲᠡᠭᠦᠰᠦᠭᠰᠡᠳ᠂ ᠡᠷᠦᠬᠡ ᠠᠮᠠ ᠪᠣᠯᠣᠨ ᠳᠠᠩᠰᠠ ᠡᠪᠬᠡᠮᠡᠯ ᠨᠢ ᠥᠪᠥᠷ ᠮᠣᠩᠭᠤᠯ ᠤᠨ ᠡᠯ᠎ᠡ ᠱᠠᠲᠤᠨ ᠤ | ᠴᠢᠳᠠᠪᠤᠷᠢᠲᠠᠨ ᠤ ᠰᠤᠯᠢᠯᠴᠠᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠪᠠᠶᠢᠬᠤ ᠪᠦᠭᠡᠳ ᠪᠦᠬᠦᠯᠢ ᠡᠳᠦᠷ ᠤᠨ | ᠳᠦᠷᠢᠮᠲᠦ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠲᠠᠢ ᠰᠤᠳᠤᠯᠬᠤ ᠰᠤᠷᠤᠭᠴᠢ᠂ | ᠥᠪᠥᠷ ᠮᠣᠩᠭᠤᠯ ᠳᠤ ᠦᠢᠯᠡᠴᠢᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠡᠳ | ᠲᠣᠭᠲᠠᠭᠰᠠᠨ ᠬᠤᠭᠤᠴᠠᠭᠠᠨ ᠳᠠᠭᠠᠨ ᠦᠨᠳᠦᠰᠦᠨ ᠱᠠᠲᠤᠨ ᠳᠤ ᠦᠢᠯᠡᠴᠢᠯᠡᠬᠦ ︽ᠠᠵᠢᠯ ᠲᠥᠷᠥᠯ ᠤᠨ ᠠᠵᠢᠯᠲᠠᠨ︾ | ᠵᠡᠷᠭᠡ ᠪᠣᠯᠣᠨ᠎ᠠ᠃ ᠠᠩᠬᠠᠷᠤᠭᠤᠰᠢᠲᠠᠶ ᠵᠦᠢᠯ ᠭᠡᠪᠡᠯ᠂ ᠠᠯᠪᠠᠲᠠᠨ ᠤ ᠰᠢᠯᠭᠠᠨ ᠡᠯᠰᠡᠯᠲᠡ ᠪᠤᠶᠤ ᠠᠵᠢᠯ ᠦᠢᠯᠡᠰ ᠤᠨ | ᠨᠢᠭᠡᠴᠡ ᠶᠢᠨ ᠢᠯᠡ ᠪᠠᠷ ᠤᠷᠢᠬᠤ ᠶᠠᠪᠤᠴᠠ ᠳᠤ ᠭᠡᠮ ᠬᠢᠭᠰᠡᠨ ᠵᠡᠷᠭᠡ ᠡᠯᠰᠡᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ | ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠲᠠᠢ ᠪᠣᠯᠬᠤ ᠶᠢ ᠨᠢ ᠮᠠᠭᠠᠳᠯᠠᠨ ᠲᠣᠭᠲᠠᠭᠠᠭᠰᠠᠨ ᠪᠦᠭᠡᠳ | ᠰᠢᠯᠭᠠᠯᠲᠠ ᠳᠤ ᠣᠷᠣᠯᠴᠠᠬᠤ ᠶᠢ ᠴᠠᠭᠠᠵᠠᠯᠠᠭᠰᠠᠨ ᠬᠤᠭᠤᠴᠠᠭᠠᠨ ᠳᠤ ᠪᠠᠶᠢᠭ᠎ᠠ ᠬᠥᠮᠦᠰ ᠰᠢᠯᠭᠠᠯᠲᠠ ᠳᠤ ᠣᠷᠣᠯᠴᠠᠵᠤ | ᠪᠣᠯᠬᠤ ᠦᠭᠡᠢ᠃ ᠲᠤᠰ ᠤᠳᠠᠭᠠᠨ ᠤ ᠠᠵᠢᠯ ᠦᠢᠯᠡᠰ ᠤᠨ ᠨᠢᠭᠡᠴᠡ ᠶᠢᠨ ᠤᠷᠢᠨ ᠡᠯᠰᠡᠯᠲᠡ ᠨᠢ 6 ᠳ᠋ᠤᠭᠠᠷ | ᠰᠠᠷ᠎ᠠ ᠶᠢᠨ 3 ᠤ ᠡᠳᠦᠷ ᠪᠢᠷ ᠤᠨ ᠰᠢᠯᠭᠠᠯᠲᠠ ᠬᠢᠨ᠎ᠡ᠃ ᠨᠠᠷᠢᠨ ᠪᠠᠶᠢᠳᠠᠯ ᠢ ᠥᠪᠥᠷ ᠮᠣᠩᠭᠤᠯ ᠤᠨ ᠠᠵᠢᠯᠲᠠᠨ ᠤ | ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http:www.impta.com︶ ᠠᠴᠠ | ᠯᠠᠪᠯᠠᠭᠠᠷᠠᠢ᠃ |