ᠮᠠᠨ ᠤ ᠤᠷᠤᠨ ᠤ 15 ᠶᠡᠭᠡ ᠳᠡᠬᠡᠳᠤ ᠰᠤᠷᠭᠠᠭᠤᠯᠢ ᠰᠢᠨ᠎ᠠ ᠪᠠᠷ 38 ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠨᠡᠮᠡᠵᠡᠢ
ᠨᠡᠶᠢᠲᠡᠯᠡᠭᠰᠡᠨ ᠴᠠᠭ᠄
2017/4/5
      ᠣᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ᠠᠴᠠ 2016 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠢ ᠳᠠᠩᠰᠠᠯᠠᠨ ᠪᠦᠷᠢᠳᠬᠡᠭᠰᠡᠨ ᠪᠠ ᠬᠢᠨᠠᠨ ᠵᠦᠪᠰᠢᠶᠡᠷᠡᠭᠰᠡᠨ ᠦᠷ᠎ᠡ ᠳ᠋ᠦᠩ ᠢ ᠨᠡᠶᠢᠳᠡᠯᠡᠵᠦ᠂ ᠮᠠᠨ ᠤ ᠤᠷᠤᠨ ᠤ 15 ᠶᠡᠭᠡ ᠳᠡᠬᠡᠳᠤ ᠰᠤᠷᠭᠠᠭᠤᠯᠢ 38 ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠢ ᠰᠢᠨ᠎ᠡ ᠪᠠᠷ ᠨᠡᠮᠡᠵᠡᠢ᠃      ᠰᠢᠨ᠎ᠡ ᠪᠠᠷ ᠨᠡᠮᠡᠭᠰᠡᠨ 38 ᠵᠢᠩᠬᠢᠨᠢ ᠠᠩᠬᠢ ᠶᠢᠨ ᠳᠤᠰᠬᠠᠢ ᠮᠡᠷᠬᠡᠵᠢᠯ ᠨᠢ ᠲᠤᠤᠷᠠᠬᠢ ᠮᠡᠳᠤ᠄ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠴᠢᠨ ᠳᠤᠭᠤᠷᠢᠨ ᠤ ᠠᠮᠢ ᠠᠬᠤᠢ ᠶᠢᠨ ᠢᠨᠵᠧᠨᠧᠷᠢᠩ᠂ ᠠᠭᠠᠷ ᠮᠠᠨᠳᠠᠯ ᠎ ᠤᠨ ᠰᠢᠨᠵᠢᠯᠡᠬᠦ ᠤᠬᠠᠭᠠᠨ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠶᠠᠪᠤᠳᠠᠯ ᠤᠨ ᠠᠩᠭ᠍ᠯᠢ ᠬᠡᠯᠡ᠂ ᠨᠠᠷᠢᠨ ᠪᠢᠴᠢᠬᠡᠴᠢ ᠶᠢᠨ ᠤᠬᠠᠭᠠᠨ︔ ᠦᠪᠦᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠳᠬᠦᠨ ᠤ ᠢᠨᠵᠧᠨᠧᠷᠢᠩ︔ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠦᠯᠵᠢᠶ᠎ᠠ ᠪᠠ ᠰᠢᠨ᠎ᠡ ᠵᠠᠭᠤᠴᠢᠯᠠᠭᠤᠷ᠂ ᠮᠦᠩᠬᠦᠨ ᠬᠦᠢᠯᠬᠡᠬᠡᠨ ᠤ ᠢᠨᠵᠧᠨᠧᠷᠢᠩ᠂ ᠬᠤᠳᠠᠯᠳᠤᠭᠠᠨ ᠤ ᠶᠠᠪᠤᠳᠠᠯ ᠤᠨ ᠠᠩᠭ᠍ᠯᠢ ᠬᠡᠯᠡ︔ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠡᠦᠬᠡᠳ ᠤᠨ ᠰᠠᠯᠠᠭ᠎ᠠ ᠶᠢᠨ ᠰᠤᠳᠤᠯᠤᠯ︔ ᠪᠤᠭᠤᠳᠤ ᠶᠢᠨ ᠡᠮᠨᠡᠯᠬᠡ ᠶᠢᠨ ᠳᠡᠬᠡᠳᠤ ᠰᠤᠷᠭᠠᠭᠤᠯᠢ ᠶᠢᠨ ᠤᠶᠤᠨ ᠮᠡᠳᠡᠷᠡᠯ ᠤᠨ ᠤᠬᠠᠭᠠᠨ︔ ᠤᠯᠠᠭᠠᠨᠬᠠᠳᠠ ᠳᠡᠬᠡᠳᠤ ᠰᠤᠷᠭᠠᠭᠤᠯᠢ ᠶᠢᠨ ᠳᠡᠦᠬᠡ ᠶᠢᠨ ᠳᠤᠷᠠᠰᠬᠠᠯᠳᠤ ᠵᠦᠢᠯᠡᠰ ᠢ ᠬᠠᠮᠠᠭᠠᠯᠬᠠᠤ ᠮᠡᠷᠬᠡᠵᠢᠯ᠂ ᠡᠯᠧᠺᠲᠷᠤᠨ ᠬᠤᠳᠠᠯᠳᠤᠭ᠎ᠠ᠂ ᠠᠮᠠᠨ ᠬᠦᠨᠳᠡᠢ ᠶᠢᠨ ᠠᠨᠠᠭᠠᠬᠤ ᠤᠬᠠᠭᠠᠨ ᠤ ᠮᠡᠷᠬᠡᠵᠢᠯ︔ ᠵᠢᠨᠢᠩ ᠤᠨ ᠪᠠᠭᠰᠢ ᠶᠢᠨ ᠳᠡᠬᠡᠳᠤ ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ᠂ ᠴᠠᠬᠢᠯᠭᠠᠨ ᠤ ᠢᠨᠵᠧᠨᠧᠷᠢᠩ ᠵᠢᠴᠢ ᠠᠦ᠋ᠲ᠋ᠤᠴᠢᠯᠠᠯᠳᠠ︔ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠮᠠᠰᠢᠨ ᠮᠧᠬᠠᠨᠢᠭ ᠡᠯᠧᠺᠨ᠋ᠲᠷᠤᠨ ᠤ ᠢᠨᠵᠧᠨᠧᠷᠢᠩ᠂ ᠤᠷᠢᠳᠴᠢᠯᠠᠨ ᠰᠡᠷᠬᠡᠶᠢᠯᠡᠬᠦ ᠠᠨᠠᠭᠠᠬᠤ ᠤᠬᠠᠭᠠᠨ︔ ᠬᠦᠯᠦᠨ ᠪᠤᠶᠢᠷ ᠳᠡᠬᠡᠳᠤ ᠰᠤᠷᠭᠠᠭᠤᠯᠢ ᠶᠢᠨ ᠠᠵᠤ ᠠᠬᠤᠢ ᠪᠤᠯᠤᠨ ᠮᠦᠩᠬᠦᠨ ᠬᠦᠢᠯᠬᠡᠬᠡᠨ᠂ ᠮᠠᠰᠢᠨ ᠮᠧᠬᠠᠨᠢᠭ ᠤᠨ ᠢᠨᠵᠧᠨᠧᠷᠢᠩ᠂ ᠵᠤᠴᠢᠳ ᠤᠨ ᠪᠠᠭᠤᠳᠠᠯ ᠤᠨ ᠬᠠᠮᠢᠶᠠᠷᠤᠯᠳᠠ︔ ᠪᠤᠷᠤᠳᠤᠬᠤᠢ ᠳᠡᠬᠡᠳᠤ ᠰᠤᠷᠭᠠᠭᠤᠯᠢ ᠶᠢᠨ ᠤᠰᠤ ᠭᠠᠳᠠᠭᠰᠢᠯᠠᠭᠤᠯᠵᠤ ᠤᠰᠤ ᠬᠠᠩᠭᠠᠬᠤ ᠢᠨᠵᠧᠨᠧᠷᠢᠩ᠂ ᠳᠠᠮᠢᠷ ᠤᠨ ᠰᠤᠷᠭᠠᠨ ᠬᠦᠮᠦᠵᠢᠯ᠂ ᠢᠳᠡᠬᠡᠨ ᠤ ᠶᠠᠰᠤ ᠴᠢᠨᠠᠷ ᠪᠤᠯᠤᠨ ᠠᠮᠤᠷ ᠲᠦᠪᠰᠢᠨ︔ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠬᠡᠳᠤ ᠰᠤᠷᠭᠠᠭᠤᠯᠢ ᠶᠢᠨ ᠮᠠᠰᠢᠨ ᠳᠡᠷᠬᠡ ᠶᠢᠨ ᠦᠢᠯᠡᠴᠢᠯᠡᠭᠡ ᠶᠢᠨ ᠢᠨᠵᠧᠨᠧᠷᠢᠩ︔ ᠦᠪᠦᠷ ᠮᠤᠩᠭᠤᠯ ᠎ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠤᠩ ᠳ᠋ᠧ ᠳᠡᠬᠡᠳᠤ ᠰᠤᠷᠭᠠᠭᠤᠯᠢ ᠶᠢᠨ ᠵᠠᠬ᠎ᠠ ᠳᠡᠯᠬᠡᠬᠦᠷ ᠤᠨ ᠪᠤᠷᠤᠯᠠᠭᠤᠯᠭ᠎ᠠ᠂ ᠫᠠᠺᠢᠰᠲ᠋ᠠᠨ ᠤᠯᠤᠰ ᠤᠨ ᠨᠢᠬᠡ ᠵᠦᠢᠯ ᠤᠨ ᠬᠡᠯᠡ ᠪᠤᠯᠬᠤ ᠦᠷᠳᠤ ᠬᠡᠯᠡ᠂ ᠮᠦᠩᠬᠦᠨ ᠬᠦᠢᠯᠬᠡᠬᠡᠨ ᠎ ᠤ ᠤᠬᠠᠭᠠᠨ᠂ ᠦᠪᠦᠷ ᠮᠤᠩᠭᠤᠯ ᠤᠨ ᠤᠷᠠᠯᠢᠭ ᠤᠨ ᠳᠡᠬᠡᠳᠤ ᠰᠤᠷᠭᠠᠭᠤᠯᠢ ᠶᠢᠨ ᠤᠷᠠᠨ ᠵᠢᠷᠤᠭ ᠤᠨ ᠤᠬᠠᠭᠠᠨ᠂ ᠤᠷᠠᠯᠢᠭ ᠤᠨ ᠲᠦᠰᠦᠪᠯᠡᠯ ᠤᠨ ᠤᠬᠠᠭᠠᠨ᠂ ᠤᠷᠴᠢᠨ ᠳᠤᠭᠤᠷᠢᠨ ᠤ ᠵᠢᠷᠤᠭ ᠲᠦᠰᠦᠪᠯᠡᠯ᠂ ᠰᠢ ᠵᠦᠴᠦᠬᠡ ᠺᠢᠨᠣ᠋ ᠲᠧᠯᠸᠢᠰ ᠤᠨ ᠤᠬᠠᠭᠠᠨ᠂ ᠬᠢᠳᠠᠳ ᠵᠢᠷᠤᠭ᠂ ᠱᠤᠭᠤᠮᠠᠯ︔ ᠤᠷᠳᠤᠰ ᠤᠨ ᠬᠡᠷᠡᠭᠯᠡᠬᠡᠨ ᠤ ᠮᠡᠷᠬᠡᠵᠢᠯ ᠤᠨ ᠳᠡᠬᠡᠳᠤ ᠰᠤᠷᠭᠠᠭᠤᠯᠢ ᠶᠢᠨ ᠡᠮᠨᠡᠯᠬᠡ ᠶᠢᠨ ᠤᠬᠠᠭᠠᠨ ᠤ ᠬᠢᠨᠠᠨ ᠰᠢᠯᠭᠠᠬᠤ ᠮᠡᠷᠬᠡᠵᠢᠯ᠂ ᠺᠤᠮᠫᠢᠦ᠋ᠲ᠋ᠧᠷ ᠤᠨ ᠤᠬᠠᠭᠠᠠ ᠪᠤᠯᠤᠨ ᠮᠡᠷᠬᠡᠵᠢᠯ᠂ ᠨᠢᠳᠤᠨ ᠬᠠᠷᠠᠭ᠎ᠠ ᠶᠢ ᠪᠠᠶᠢᠴᠠᠭᠠᠬᠤ ᠬᠡᠷᠡᠯ ᠤᠨ ᠤᠬᠠᠭᠠᠨ᠂ ᠮᠠᠲ᠋ᠧᠷᠢᠶᠠᠯ ᠤᠨ ᠬᠢᠮᠢ᠂ ᠴᠠᠬᠢᠯᠭᠠᠨ ᠤ ᠢᠨᠵᠧᠨᠧᠷᠢᠩ ᠪᠤᠯᠤᠨ ᠠᠦ᠋ᠲ᠋ᠤᠴᠢᠯᠠᠯᠳᠠ ᠵᠡᠷᠬᠡ ᠪᠠᠭᠳᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号