ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ 57 ᠬᠤᠰᠢᠭᠤ | ᠰᠢᠶᠠᠨ ᠳᠤ ︽ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾ ᠤᠨ | ᠵᠢᠭᠡᠯᠡᠯᠭᠡ ᠶᠢ ᠰᠢᠨ᠎ᠡ ᠪᠠᠷ 29.35 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠡᠭᠦᠨ ᠳᠤ᠂ ᠡᠷᠦᠬᠡ ᠳᠤ ᠰᠢᠭᠤᠳ | ᠣᠷᠣᠭᠤᠯᠬᠤ ︽ᠲᠠᠷᠢᠶᠠᠴᠢᠳ ᠢ ᠪᠠᠶᠠᠵᠢᠭᠤᠯᠬᠤ ᠵᠢᠭᠡᠯᠡᠯᠭᠡ︾ ᠶᠢ 62338 ᠬᠡᠰᠡᠭ 28.39 ᠳ᠋ᠦᠩᠰᠢᠭᠤᠷ | ᠲᠥᠭᠦᠷᠢᠭ ᠲᠠᠷᠬᠠᠭᠠᠪᠠ︔ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠪᠣᠯᠣᠨ ᠬᠤᠷᠰᠢᠶᠠᠵᠢᠯ ᠢ | ᠳᠡᠮᠵᠢᠬᠦ ︽ᠲᠠᠷᠢᠶᠠᠴᠢᠳ ᠢ ᠬᠦᠴᠦᠷᠬᠡᠭᠵᠢᠭᠦᠯᠬᠦ ᠵᠢᠭᠡᠯᠡᠯᠭᠡ︾ ᠶᠢ 4 ᠬᠡᠰᠡᠭ 9620 ᠲᠦᠮᠡᠨ ᠲᠥᠭᠦᠷᠢᠭ | ᠲᠠᠷᠬᠠᠭᠠᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠲᠦᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ︽ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ | ᠠᠷᠠᠳ ᠢ ᠪᠠᠶᠠᠵᠢᠭᠤᠯᠬᠤ ᠢᠨᠵᠧᠨᠧᠷᠢᠩ︾ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠵᠢᠭᠡᠯᠡᠯᠭᠡ ᠶᠢᠨ | ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠭᠡᠵᠦ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠢ ᠡᠷᠦᠬᠡ ᠶᠢ ᠬᠠᠮᠤᠷᠬᠤ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠲᠦᠢᠯ ᠤᠨ ᠣᠨᠣᠪᠴᠢᠲᠠᠢ ᠪᠠᠷ | ᠶᠠᠳᠠᠭᠤ ᠶᠢ ᠲᠡᠳᠬᠦᠭᠰᠡᠨ ᠨᠡᠩ ᠢᠯᠡᠳᠲᠡ ᠦᠷ᠎ᠡ ᠪᠦᠲᠦᠮᠵᠢ ᠣᠯᠪᠠ᠃ ᠪᠦᠷᠢᠳᠬᠡᠯ ᠢ ᠦᠨᠳᠦᠰᠦᠯᠡᠪᠡᠯ᠂ ︽ | ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾ ᠢ ᠡᠬᠢᠯᠡᠵᠦ | ᠬᠡᠷᠡᠭᠵᠢᠭᠦᠯᠦᠭᠰᠡᠨ ᠠᠴᠠ ᠨᠠᠰᠢ᠂ ᠪᠦᠬᠦ ᠣᠷᠣᠨ ᠳᠤ ᠨᠠᠶᠢᠳᠠ 285.5 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠪᠠ᠃ ︽ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ︾ ᠤᠨ ᠲᠦᠢᠯ ᠤᠨ ᠣᠨᠣᠪᠴᠢᠲᠠᠢ ᠣᠷᠤᠭᠤᠯᠤᠯᠲᠠ ᠨᠢ ᠪᠥᠬᠦ ᠣᠷᠣᠨ ᠤ ᠶᠠᠳᠠᠭᠤ ᠬᠦᠴᠢᠷᠳᠡᠯᠲᠡᠶ | ᠭᠠᠵᠠᠷ ᠣᠷᠣᠨ ᠪᠣᠯᠣᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠡᠯᠡ ᠮᠥᠩᠭᠦ ᠶᠢᠨ ᠡᠷᠴᠢᠮᠲᠡᠢ ᠳᠡᠮᠵᠢᠯᠭᠡ ᠦᠵᠡᠭᠦᠯᠦᠭᠰᠡᠨ | ᠪᠠᠶᠢᠨ᠎ᠠ᠃ |