ᠦᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2017/5/11
 
     5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠦᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠪᠠ ᠨᠡᠭᠡᠭᠡᠨ ᠬᠥᠭᠵᠢᠭᠦᠯᠬᠦ ᠣᠷᠣᠨ ᠤ ᠬᠠᠷᠢᠭᠤᠴᠠᠯᠭᠠᠲᠠᠳ᠂ ᠤᠷᠢᠯᠭ᠎ᠠ ᠪᠠᠷ ᠢᠷᠡᠭᠰᠡᠨ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠳ ᠬᠤᠷᠠᠯ ᠳᠤ ᠣᠷᠣᠯᠴᠠᠵᠠᠶ᠃ ᠰᠤᠳᠤᠯᠤᠨ ᠶᠠᠷᠢᠯᠴᠠᠬᠤ ᠬᠤᠷᠠᠯ ᠳᠤ᠂ ᠰᠡᠳᠦᠪ ᠤᠨ ᠰᠤᠳᠤᠯᠭᠠᠨ ᠢ ᠡᠭᠦᠷᠭᠡᠯᠡᠭᠰᠡᠨ ᠨᠢᠭᠡᠴᠡ ᠳᠤᠮᠳᠠᠳᠤ ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠯᠠᠪᠯᠠᠭ᠎ᠠ ᠶᠢᠨ ᠺᠣᠮᠫᠠᠨᠢ ᠰᠡᠳᠦᠪ ᠤᠨ ᠰᠤᠳᠤᠯᠭᠠᠨ ᠤ ᠠᠩᠬ᠎ᠠ ᠠᠯᠬᠤᠮ ᠤᠨ ᠦᠷ᠎ᠡ ᠪᠦᠲᠦᠭᠡᠯ ᠢ ᠬᠠᠷᠢᠭᠤ ᠮᠡᠳᠡᠭᠦᠯᠪᠡ᠃ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠲᠣᠭᠤᠷᠢᠨ ᠳᠤ᠂ ᠠᠩᠬ᠎ᠠ ᠠᠯᠬᠤᠮ ᠤᠨ ᠰᠤᠳᠤᠯᠭᠠᠨ ᠤ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠶᠢᠨ ᠴᠢᠯᠥᠭᠡᠲᠦ ᠠᠷᠠᠯᠵᠢᠶᠠᠨ ᠤ ᠵᠢᠱᠢᠶ᠎ᠡ ᠦᠵᠡᠭᠦᠯᠬᠦ ᠣᠷᠣᠨ ᠪᠣᠯᠣᠨ ᠤᠯᠤᠰ ᠤᠨ ᠳᠡᠰ ᠤᠨ ᠪᠤᠰᠤᠳ ᠰᠢᠨ᠎ᠡ ᠲᠣᠭᠤᠷᠢᠭ ᠤᠨ ᠬᠥᠭᠵᠢᠯᠲᠡ ᠶᠢᠨ ᠬᠡᠪ ᠵᠠᠭᠪᠤᠷ ᠪᠣᠯᠣᠨ ᠠᠮᠵᠢᠯᠲᠠᠲᠠᠢ ᠲᠤᠷᠰᠢᠯᠭ᠎ᠠ ᠶᠢ ᠭᠦᠢᠴᠡᠳ ᠰᠤᠷᠤᠯᠴᠠᠨ ᠯᠠᠪᠯᠠᠯᠲᠠ ᠪᠣᠯᠭᠠᠭᠰᠠᠨ ᠰᠠᠭᠤᠷᠢᠨ ᠳᠡᠭᠡᠷ᠎ᠡ᠂ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠳᠤ ᠭᠠᠵᠠᠷ ᠰᠢᠷᠣᠶ ᠬᠠᠩᠭᠠᠬᠤ᠂ ᠶᠡᠷᠦᠩᠬᠡᠶᠢᠯᠡᠨ ᠢᠵᠢ ᠪᠦᠷᠢᠯᠳᠦᠭᠦᠯᠬᠦ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠵᠢᠴᠢ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠᠶᠢᠭᠤᠯᠤᠮᠵᠢ ᠭᠠᠷᠭᠠᠬᠤ᠂ ᠦᠢᠯᠡᠴᠢᠯᠡᠬᠦ ᠬᠡᠯᠪᠡᠷᠢ᠂ ᠲᠥᠷᠥᠯ ᠵᠦᠢᠯ ᠤᠨ ᠬᠠᠮᠢᠶᠠᠷᠤᠯᠲᠠ ᠬᠢᠭᠡᠳ ᠬᠢᠨᠠᠨ ᠵᠥᠪᠰᠢᠶᠡᠷᠡᠯ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠪᠣᠳᠠᠲᠠᠶ ᠬᠠᠮᠢᠶᠠᠷᠤᠯᠲᠠ ᠶᠢᠨ ᠠᠷᠭ᠎ᠠ ᠳᠤᠷᠠᠳᠤᠭᠰᠠᠨ ᠪᠠᠶᠢᠨ᠎ᠠ᠃      ᠡᠭᠦᠨ ᠤ ᠳᠠᠷᠠᠭ᠎ᠠ ᠪᠠᠷ᠂ ᠬᠤᠷᠠᠯ ᠳᠤ ᠣᠷᠣᠯᠴᠠᠭᠰᠠᠳ ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠎ ᠤᠨ ᠬᠥᠭᠵᠢᠯᠳ᠋ᠨ ᠶᠢᠨ ᠣᠷᠣᠨ ᠪᠠᠶᠢᠷᠢ ᠶᠢᠨ ᠲᠣᠭᠲᠠᠭᠠᠯᠲᠠ᠂ ᠬᠥᠭᠵᠢᠯᠲᠡ ᠶᠢᠨ ᠴᠢᠭᠯᠡᠯ ᠪᠠ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠲᠤᠬᠠᠢ ᠪᠦᠷᠢᠨ ᠭᠦᠢᠴᠡᠳ ᠰᠤᠳᠤᠯᠤᠨ ᠶᠠᠷᠢᠯᠴᠠᠵᠦ᠂ ᠬᠤᠷᠠᠯ ᠳᠤ ᠣᠷᠣᠯᠴᠠᠭᠰᠠᠨ ᠨᠢᠭᠡᠴᠡ ᠨᠦᠭᠦᠳ ᠥᠪᠡᠷ ᠥᠪᠡᠷ ᠤᠨ ᠤᠷᠤᠨ ᠪᠦᠰᠡ ᠶᠢᠨ ᠪᠠᠶᠢᠳᠠᠯ ᠲᠠᠢ ᠪᠠᠨ ᠤᠶᠠᠯᠳᠤᠭᠤᠯᠵᠤ ᠠᠩᠬ᠎ᠠ ᠠᠯᠬᠤᠮ ᠤᠨ ᠰᠤᠳᠤᠯᠭᠠᠨ ᠤ ᠦᠷ᠎ᠡ ᠪᠦᠲᠦᠭᠡᠯ ᠳᠤ ᠵᠠᠰᠠᠪᠤᠷᠢ ᠤᠷᠤᠭᠤᠯᠬᠤ ᠪᠠ ᠨᠥᠬᠦᠪᠥᠷᠢᠯᠡᠬᠦ ᠰᠠᠨᠠᠯ ᠳᠤᠷᠠᠳᠤᠭᠰᠠᠨ ᠪᠠᠶᠢᠨ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠬᠤᠷᠸ᠎ᠠ ᠲᠣᠬᠢᠷᠠᠭᠤᠯᠤᠯᠲᠠ ᠶᠢᠨ ᠬᠦᠷᠢᠶᠡᠯᠡᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠶ ᠪᠠᠶᠢᠭᠤᠯᠤᠮᠵᠢ ᠠᠴᠠ ᠢᠷᠡᠭᠰᠡᠨ ᠡᠷᠬᠡ ᠰᠦᠷᠲᠦ ᠲᠤᠰᠬᠠᠶ ᠮᠡᠷᠭᠡᠵᠢᠯᠲᠡᠳ ᠵᠠᠰᠠᠪᠤᠷᠢ ᠤᠷᠤᠭᠤᠯᠬᠤ ᠪᠠ ᠨᠥᠬᠦᠪᠥᠷᠢᠯᠡᠬᠦ ᠰᠠᠨᠠᠭᠤᠯᠭ᠎ᠠ ᠳᠤᠷᠠᠳᠴᠠᠢ᠃     ᠣᠶᠢᠯᠠᠭᠠᠭᠰᠠᠨ ᠢᠶᠠᠷ᠂ ᠬᠤᠶᠢᠰᠢᠳᠠ ᠠᠵᠤ ᠦᠢᠯᠡᠰ ᠤᠨ ᠰᠣᠩᠭᠤᠯᠲᠠ ᠲᠠᠯ᠎ᠠ ᠪᠠᠷ᠂ ᠬᠤᠷᠢᠨᠭᠡᠷ ᠰᠢᠨ᠎ᠡ ᠲᠣᠭᠤᠷᠢᠭ ᠨᠢ ︽ᠰᠢᠨ᠎ᠡ᠂ ᠥᠨᠳᠥᠷ᠂ ᠴᠤᠭᠯᠠᠷᠠᠯ᠂ ᠰᠢᠯᠢᠳᠡᠭ᠂ ᠵᠣᠬᠢᠮᠵᠢᠲᠠᠢ︾ ᠣᠨᠴᠠᠯᠢᠭ ᠢ ᠳᠣᠪᠣᠶᠢᠯᠭᠠᠬᠤ ᠶᠢᠨ ᠬᠠᠮᠲᠤ ᠬᠦᠴᠦᠷᠬᠡᠭ ᠶᠡᠭᠡ ᠴᠤᠭᠯᠠᠷᠠᠯ ᠤᠨ ᠦᠢᠯᠡᠳᠦᠯ ᠪᠠ ᠳᠠᠶᠢᠴᠢᠯᠠᠬᠤ ᠬᠦᠴᠦᠨ ᠢ ᠪᠠᠳᠠᠷᠠᠭᠤᠯᠵᠤ᠂ ᠲᠣᠮᠣ ᠳ᠋ᠠᠶᠢᠲ᠋ᠠ᠂ ᠶᠡᠭᠡ ᠡᠷᠡᠭᠦᠯ ᠮᠡᠨᠳᠦ᠂ ᠳᠡᠭᠡᠳᠦ ᠲᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ ᠵᠡᠷᠭᠡ ᠶᠢ ᠪᠠᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ︔ ᠪᠣᠬᠢᠷᠲᠤᠯ ᠦᠭᠡᠶ ᠢᠳᠡᠭᠡᠨ᠂ ᠠᠮᠢ ᠠᠬᠤᠶ ᠶᠢᠨ ᠠᠵᠤ ᠦᠢᠯᠡᠰ᠂ ᠰᠡᠯᠡᠭᠦᠴᠡᠯ ᠵᠢᠭᠤᠯᠴᠢᠯᠠᠯ᠂ ᠰᠢᠨ᠎ᠡ ᠮᠠᠶ᠋ᠢᠭ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠵᠡᠷᠭᠡ ᠶᠢ ᠪᠠᠭᠲᠠᠭᠠᠭᠰᠠᠨ ᠳᠠᠪᠠᠭᠤᠯᠢᠭ ᠦᠪᠡᠷᠮᠢᠴᠡ ᠣᠨᠴᠠᠯᠢᠭ ᠪᠦᠬᠦᠢ ᠠᠵᠤ ᠦᠢᠯᠡᠰ ︔ ᠬᠤᠳᠠᠯᠳᠤᠭ᠎ᠠ ᠠᠷᠠᠯᠵᠢᠶᠠᠨ ᠤ ᠪᠠᠷᠠᠭ᠎ᠠ ᠶᠢᠨ ᠭᠦᠢᠯᠭᠡᠭᠡ᠂ ᠮᠥᠩᠭᠦᠨ ᠭᠦᠢᠯᠭᠡᠭᠡ᠂ ᠬᠤᠷᠠᠯ ᠦᠵᠡᠰᠬᠦᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠶᠢ ᠪᠠᠭᠲᠠᠭᠠᠭᠰᠠᠨ ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号