ᠣᠷᠴᠢᠮᠬᠠᠨ᠂ ᠪᠠᠶᠠᠨᠨᠠᠭᠤᠷ ᠬᠤᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B | ᠬᠡᠯᠪᠡᠷᠢ︶ ᠨᠢ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠠᠯᠪᠠᠨ ᠶᠣᠰᠣᠨ ᠤ ᠴᠣᠬᠤᠯᠠᠪᠤᠷᠢ ᠶᠢ ᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠶᠠᠷᠳᠠᠬᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠪᠣᠯᠣᠭᠰᠠᠨ ᠪᠥᠭᠡᠳ ᠮᠥᠨ | ᠴᠦ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠠᠩᠬᠠᠳᠠᠭᠴᠢ ᠭᠠᠶᠢᠯᠢ | ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠪᠣᠯᠪᠠ᠃ ᠣᠶᠢᠯᠭᠠᠭᠰᠠᠨ ᠢᠶᠠᠷ᠂ ᠪᠠᠶᠠᠨᠨᠠᠭᠤᠷ | ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ︵B ᠬᠡᠯᠪᠡᠷᠢ︶ ᠤᠨ ᠵᠥᠪᠰᠢᠶᠡᠷᠡᠭᠳᠡᠭᠰᠡᠨ ᠲᠠᠯᠠᠪᠠᠶ ᠨᠢ 0. | 25 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠶᠠᠨᠨᠠᠭᠤᠷ ᠬᠤᠳᠠ ᠶᠢᠨ ᠯᠢᠨᠾᠧ ᠲᠣᠭᠤᠷᠢᠭ ᠤᠨ ᠪᠠᠶᠠᠨᠨᠠᠭᠤᠷ | ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠲᠣᠲᠣᠷ᠎ᠠ ᠪᠠᠶᠢᠷᠢᠯᠠᠵᠤ ᠪᠤᠢ᠂ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ | ᠪᠠᠶᠢᠭᠤᠯᠤᠭᠳᠠᠭᠰᠠᠨ ᠤ ᠳᠠᠷᠠᠭ᠎ᠠ᠂ ᠭᠠᠶᠢᠯᠢ ᠪᠠᠲᠤᠯᠠᠬᠤ ᠰᠠᠩ ᠬᠥᠮᠥᠷᠭᠡ᠂ ᠤᠯᠠᠨ ᠤᠯᠤᠰ ᠤᠨ ᠪᠠᠷᠠᠭᠠᠨ ᠤ | ᠭᠦᠢᠯᠭᠡᠭᠡ ᠶᠢ ᠲᠣᠬᠢᠷᠠᠭᠤᠯᠤᠨ ᠢᠯᠡᠭᠡᠬᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ᠂ ᠪᠣᠭᠤᠮᠲᠠ ᠪᠠᠷ | ᠳᠠᠮᠵᠢᠭᠤᠯᠬᠤ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠴᠢᠳᠠᠪᠬᠢ ᠶᠢ ᠪᠡᠶᠡᠯᠡᠭᠦᠯᠵᠦ᠂ ᠭᠠᠵᠠᠷ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠳᠤ ᠲᠦᠬᠦᠮ ᠦᠵᠡᠭᠦᠯᠵᠦ᠂ ᠭᠠᠳᠠᠭᠠᠳᠤ ᠣᠷᠤᠭᠤᠯᠤᠯᠲᠠ | ᠭᠠᠷᠭᠠᠯᠲᠠ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠪᠣᠯᠣᠨ᠎ᠠ᠃ 2016 ᠣᠨ ᠳᠤ᠂ | ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ 21.6 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠥᠷᠲᠡᠭ ᠤᠨ 43.6% ᠶᠢ ᠡᠵᠡᠯᠡᠪᠡ᠃ |