ᠥᠪᠥᠷ ᠮᠣᠩᠭᠤᠯ ᠤᠨ ᠤᠯᠠᠮᠵᠢᠯᠠᠨ ᠲᠠᠷᠬᠠᠭᠠᠬᠤ ᠲᠤᠮᠤ ᠳ᠋ᠠᠶᠢᠲ᠋ᠠ ᠶᠢᠨ ᠰᠤᠳᠤᠯᠭᠠᠨ ᠤ ᠲᠥᠪ ᠬᠦᠬᠡᠬᠤᠲᠠ ᠳᠤ ᠡᠷᠦᠬᠡ ᠠᠮᠠ ᠤᠷᠤᠪᠠ
ᠨᠡᠶᠢᠲᠡᠯᠡᠭᠰᠡᠨ ᠴᠠᠭ᠄
2017/5/11
     5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠤᠯᠠᠮᠵᠢᠯᠠᠨ ᠲᠠᠷᠬᠠᠭᠠᠬᠤ ᠲᠤᠮᠤ ᠳ᠋ᠠᠶᠢᠲ᠋ᠠ ᠶᠢᠨ ᠰᠤᠳᠤᠯᠭᠠᠨ ᠤ ᠲᠦᠪ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠢᠯᠡᠷᠬᠡᠶᠢᠯᠡᠯ ᠡᠯᠭᠦᠨ ᠪᠠᠶᠢᠭᠤᠯᠤᠭᠳᠠᠪᠠ᠃ ᠥᠪᠥᠷ ᠮᠣᠩᠭᠤᠯ ᠤᠨ ᠤᠯᠠᠮᠵᠢᠯᠠᠨ ᠲᠠᠷᠬᠠᠭᠠᠬᠤ ᠲᠤᠮᠤ ᠳ᠋ᠠᠶᠢᠲ᠋ᠠ ᠶᠢᠨ ᠰᠤᠳᠤᠯᠭᠠᠨ ᠤ ᠲᠥᠪ ᠪᠤᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠯᠤᠭ᠎ᠠ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠤᠯᠤᠰ ᠤᠨ ᠶᠡᠭᠡ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠳᠤᠭᠡᠨ ᠪᠠᠶᠢᠭᠤᠯᠤᠯᠲᠠ ᠳᠤ ᠳᠡᠭᠡᠳᠦ ᠰᠤᠷᠭᠠᠭᠤᠯᠢ ᠶᠢᠨ ᠲᠡᠰ ᠳᠠᠪᠬᠤᠷᠭ᠎ᠠ ᠠᠴᠠ ᠢᠳᠡᠪᠬᠢᠲᠡᠢ ᠤᠷᠤᠯᠴᠠᠵᠤ ᠪᠠᠶᠢᠭ᠎ᠠ ᠪᠣᠳᠠᠲᠤ ᠠᠵᠢᠯᠯᠠᠭ᠎ᠠ ᠪᠤᠯᠤᠨ᠎ᠠ᠃ 2016 ᠤᠨ ᠤ 10 ᠳ᠋ᠤᠭᠠᠷ ᠰᠠᠷ᠎ᠠ ᠳᠤ᠂ ᠥᠪᠥᠷ ᠮᠣᠩᠭᠤᠯ ᠬᠤᠶᠠᠳᠤᠭᠠᠷ ᠪᠦᠯᠦᠭ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠢᠶᠠᠷ ᠰᠤᠩᠭᠤᠭᠳᠠᠪᠠ᠂ ᠡᠨᠡ ᠨᠢ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠤᠮᠤ ᠳ᠋ᠠᠶᠢᠲ᠋ᠠ ᠶᠢᠨ ᠰᠤᠳᠤᠯᠭᠠᠨ ᠤ ᠲᠥᠪ ᠨᠢ ᠴᠢᠳᠠᠪᠤᠷᠢᠲᠠᠨ ᠤ ᠳᠠᠪᠠᠭᠤᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠨᠢᠭᠲᠠᠷᠠᠭᠤᠯᠬᠤ ᠪᠠᠷ ᠳᠠᠮᠵᠢᠭᠤᠯᠤᠨ᠂ ᠬᠦᠴᠦᠷᠬᠡᠭ ᠶᠡᠭᠡ ᠰᠤᠳᠤᠯᠭᠠᠨ ᠤ ᠪᠦᠯᠬᠦᠮ ᠨᠡᠶᠢᠲᠡ᠂ ᠬᠠᠮᠢᠶᠠᠷᠤᠯᠲᠠ ᠶᠢᠨ ᠤᠨᠤᠯᠵᠢᠬᠤᠨ ᠳᠤ ᠲᠦᠰᠢᠭᠯᠡᠨ᠂ ᠳᠤᠮᠤ ᠳ᠋ᠠᠶᠢᠲ᠋ᠠ ᠶᠢᠨ ᠰᠤᠳᠤᠯᠭᠠᠨ ᠪᠠ ᠬᠡᠷᠡᠭᠯᠡᠭᠡᠨ ᠳᠤ ᠲᠤᠯᠭᠠᠭᠤᠷᠢ ᠪᠤᠯᠵᠤ᠂ ᠥᠪᠥᠷ ᠮᠣᠩᠭᠤᠯ ᠤᠨ ᠤᠯᠠᠮᠵᠢᠯᠠᠨ ᠲᠠᠷᠬᠠᠭᠠᠬᠤ ᠲᠤᠮᠤ ᠳ᠋ᠠᠶᠢᠲ᠋ᠠ ᠶᠢᠨ ᠬᠡᠷᠡᠭᠯᠡᠭᠡᠨ ᠳᠤ ᠴᠢᠭᠯᠡᠭᠦᠯᠦᠨ᠂ ᠭᠦᠨᠵᠡᠭᠡᠶ ᠠᠭᠤᠳᠠᠯᠬᠤ ᠪᠠ ᠵᠠᠳᠠᠯᠤᠯᠲᠠ ᠬᠢᠵᠦ᠂ ᠤᠨᠤᠯ᠂ ᠮᠡᠷᠭᠡᠵᠢᠯ ᠤᠨ ᠭᠦᠨᠵᠡᠭᠡᠢ ᠰᠤᠳᠤᠯᠭᠠᠨ ᠦᠷᠨᠢᠭᠦᠯᠵᠦ᠂ ᠦᠨ᠎ᠡ ᠥᠷᠲᠡᠭ  ᠎ ᠲᠠᠢ ᠮᠡᠳᠡᠭᠡ ᠵᠠᠩᠭᠢ ᠡᠭᠦᠳᠴᠦ᠂ ᠤᠯᠤᠰ ᠪᠠ ᠥᠪᠥᠷ ᠮᠣᠩᠭᠤᠯ ᠤᠨ ᠣᠷᠣᠨ ᠨᠤᠲᠤᠭ ᠤᠨ ᠬᠥᠭᠵᠢᠯᠲᠡ ᠳᠤ ᠯᠠᠪᠯᠠᠯᠲᠠ ᠪᠠ ᠰᠢᠶᠳᠪᠦᠷᠢᠲᠦ ᠪᠤᠲᠤᠯᠭ᠎ᠠ ᠶᠢᠨ ᠳᠡᠮᠵᠢᠯᠭᠡ ᠦᠵᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号