ᠪᠦᠬᠦ ᠣᠷᠣᠨ ᠤ ᠰᠢᠭᠦᠬᠦ ᠬᠤᠷᠢᠶ᠎ᠠ ᠶᠢᠨ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/5/12
      5 ᠳ᠋ᠤᠭᠠᠷ ᠰᠠᠷ᠎ᠠ ᠶᠢᠨ 11᠎ ᠤ ᠡᠳᠦᠷ᠂ ᠪᠦᠬᠦ ᠣᠷᠣᠨ ᠤ ᠰᠢᠭᠦᠬᠦ ᠬᠤᠷᠢᠶ᠎ᠠ ᠶᠢᠨ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠤᠯᠠᠭᠠᠨᠬᠠᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤ᠋ ᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤ᠋ ᠢ ᠹᠧᠩ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠥᠷᠭᠡᠳᠬᠡᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠥᠨᠡᠨᠬᠦ ᠴᠢᠩᠭᠠᠷᠠᠭᠤᠯᠵᠤ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ︔ ᠭᠤᠣᠯᠳᠠᠯᠭ᠎ᠠ ᠲᠠᠢ ᠭᠤᠭᠴᠤᠭ᠎ᠠ ᠪᠣᠯᠣᠨ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠳᠬᠤᠨ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠦᠬᠦ ᠣᠷᠣᠨ ᠤ ᠰᠢᠭᠦᠬᠦ ᠬᠤᠷᠢᠶ᠎ᠠ ᠶᠢᠨ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠤᠯᠤᠰ ᠲᠥᠷᠥ ᠶᠢᠨ ᠦᠨᠳᠦᠷᠴᠡ ᠠᠴᠠ ᠦᠵᠡᠯ ᠰᠠᠨᠠᠭ᠎ᠠ ᠪᠠᠨ ᠨᠢᠭᠡᠳᠬᠡᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠦᠬᠦ ᠣᠷᠣᠨ ᠤ ᠰᠢᠭᠦᠬᠦ ᠬᠤᠷᠢᠶ᠎ᠠ ᠳᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠥᠨᠡᠨᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠲᠡᠭᠡᠷ᠎ᠡ᠂ ᠤᠯᠠᠭᠠᠠᠬᠠᠳᠠ ᠬᠤᠳᠠ ᠶᠢᠨ ᠪᠠᠭᠠᠷᠢᠨ ᠵᠡᠬᠦᠨ ᠬᠤᠰᠢᠭᠤ᠂ ᠬᠦᠬᠡᠬᠤᠳᠠ ᠶᠢᠨ ᠰᠢᠨ᠎ᠡ ᠬᠤᠳᠠ ᠲᠤᠭᠤᠷᠢᠬ᠂ ᠪᠤᠭᠤᠳᠤ ᠬᠤᠳᠠ ᠶᠢᠨ ᠵᠢᠦᠶᠤᠸᠠᠨ ᠲᠤᠭᠤᠷᠢᠬ᠂ ᠬᠦᠯᠦᠨ ᠪᠤᠶᠢᠢᠷ ᠬᠤᠳᠠ ᠶᠢᠨ ᠬᠠᠶᠢᠢᠯᠠᠷ ᠲᠤᠭᠤᠷᠢᠬ᠂ ᠲᠦᠩᠯᠢᠶᠤᠤ ᠬᠤᠳᠠ ᠶᠢᠨ ᠬᠤᠷᠴᠢᠨ ᠲᠤᠭᠤᠷᠢᠬ᠂ ᠤᠷᠳᠤᠰ ᠬᠤᠳᠠ ᠶᠢᠨ ᠤᠳᠤᠬ ᠬᠤᠰᠢᠭᠤ᠂ ᠪᠠᠶᠠᠠᠨᠠᠭᠤᠷ ᠬᠤᠳᠠ ᠶᠢᠨ ᠯᠢᠨ ᠡᠾᠸᠧ ᠲᠤᠭᠤᠷᠢᠬ ᠵᠡᠷᠭᠡ 7 ᠰᠢᠬᠦᠬᠦ ᠬᠤᠷᠢᠶ᠎ᠠ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号