ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠥᠬᠡᠬᠤᠲᠠ ᠪᠤᠭᠤᠲᠤ ᠤᠷᠳᠤᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2017/5/12
     ᠥᠪᠥᠷ ᠮᠣᠩᠭᠤᠯ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠤ᠂ ᠰᠣᠶᠣᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠵᠤ᠂ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠬᠤ᠂ ᠣᠷᠣᠨ ᠪᠦᠰᠡ ᠶᠢᠨ ᠪᠦᠬᠦᠯᠢ ᠴᠣᠭᠴᠠᠲᠤ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯᠤᠨ ᠰᠣᠶᠣᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠬᠤ ᠪᠠᠷ ᠪᠣᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠬᠥᠬᠡᠬᠤᠲᠠ ᠪᠤᠭᠤᠲᠤ ᠤᠷᠳᠤᠰ ᠢ ᠬᠠᠮᠵᠢᠯᠴᠠᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠵᠤ᠂ ᠬᠥᠬᠡᠬᠤᠲᠠ ᠪᠤᠭᠤᠲᠤ ᠤᠷᠳᠤᠰ ᠤᠨ ᠰᠣᠶᠣᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠵᠢᠯᠣᠭᠤᠳᠬᠤ ᠦᠵᠡᠯ ᠰᠠᠨᠠᠭ᠎ᠠ᠂ ᠭᠤᠣᠯ ᠠᠵᠢᠯ ᠤᠨ ᠡᠭᠦᠷᠭᠡ ᠵᠡᠷᠭᠡ ᠶᠢ ᠲᠣᠳᠣᠷᠬᠠᠶᠢᠯᠠᠪᠠ᠃ ᠪᠠᠰᠠ ᠬᠥᠬᠡᠬᠤᠲᠠ ᠪᠤᠭᠤᠲᠤ ᠤᠷᠳᠤᠰ ᠤᠨ ᠳᠤᠮᠳᠠ ᠪᠠᠭ᠎ᠠ ᠵᠢᠵᠢᠭ ᠪᠢᠴᠢᠯ ᠰᠣᠶᠣᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠭᠦᠯᠬᠦ ᠳᠤᠨᠢ ᠳᠡᠮᠵᠢᠯᠭᠡ ᠦᠵᠡᠭᠦᠯᠵᠦ᠂ ᠰᠣᠶᠣᠯ ᠤᠨ ᠪᠦᠲᠦᠭᠡᠯᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠂ ᠰᠣᠶᠣᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠪᠠᠨ ᠥᠷᠭᠡᠳᠬᠡᠬᠦ᠂ ᠰᠣᠶᠣᠯ ᠤᠨ ᠵᠠᠬ᠎ᠠ ᠳᠡᠯᠭᠡᠭᠦᠷ ᠲᠤ ᠬᠠᠨᠳᠤᠭᠤᠯᠤᠨ ᠬᠠᠩᠭᠠᠯᠭ᠎ᠠ ᠶᠢᠨ ᠴᠢᠳᠠᠪᠤᠷᠢ ᠪᠠᠨ ᠴᠢᠩᠭᠠᠳᠬᠠᠬᠤ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢ ᠨᠢ ᠵᠣᠷᠢᠭᠵᠢᠭᠤᠯᠤᠨ᠎ᠠ᠃ ᠬᠥᠬᠡᠬᠤᠲᠠ ᠪᠤᠭᠤᠲᠤ ᠤᠷᠳᠤᠰ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠨᠦᠭᠦᠳ ᠤᠨ ᠮᠦᠽᠧᠶ ᠳᠤ ᠬᠠᠳᠠᠭᠠᠯᠠᠬᠤ ᠰᠣᠶᠣᠯ ᠤᠨ ᠡᠬᠢ ᠪᠠᠶᠠᠯᠢᠭ ᠤᠳ ᠢ ᠭᠦᠨᠵᠡᠭᠡᠶ ᠠᠭᠤᠳᠠᠯᠵᠤ᠂ ᠰᠣᠶᠣᠯ ᠤᠨ ᠪᠦᠲᠦᠭᠡᠯᠴᠢ ᠠᠵᠤ ᠦᠢᠯᠡᠰ ᠢ ᠬᠥᠭᠵᠢᠭᠦᠯᠵᠦ᠂ ᠰᠣᠶᠣᠯ ᠤᠨ ᠪᠦᠲᠦᠭᠡᠯᠴᠢ ᠦᠶᠯᠡᠳᠬᠦᠨ ᠢ ᠨᠡᠭᠡᠭᠡᠨ ᠬᠥᠭᠵᠢᠭᠦᠯᠵᠦ᠂ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠮᠦᠽᠧᠶ ᠵᠡᠷᠭᠡ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠨᠦᠭᠦᠳ ᠢ ᠰᠣᠶᠣᠯ ᠤᠨ ᠠᠵᠤ ᠦᠢᠯᠡᠰ ᠤᠨ ᠰᠢᠨ᠎ᠡ ᠭᠢᠯᠠᠰ ᠴᠢᠭ᠋ ᠪᠣᠯᠭᠠᠬᠤ ᠶᠢᠨ ᠬᠠᠮᠲᠤ ︽ᠵᠠᠭᠤᠨ ᠰᠣᠶᠣᠯ ᠤᠨ ᠠᠵᠤ ᠠᠬᠤᠶᠢᠯᠠᠯ ᠤᠳ ᠢ ᠦᠵᠡᠮᠵᠢᠲᠦ ᠣᠷᠣᠨ ᠳᠤ ᠰᠠᠭᠤᠷᠢᠰᠢᠭᠤᠯᠬᠤ︾ ᠲᠤᠷᠰᠢᠯᠲᠠ ᠬᠢᠵᠦ᠂ ᠰᠣᠶᠣᠯ ᠤᠨ ᠠᠵᠤ ᠠᠬᠤᠶᠢᠯᠠᠯ ᠪᠣᠯᠣᠨ ᠬᠥᠬᠡᠬᠤᠲᠠ ᠪᠤᠭᠤᠲᠤ ᠤᠷᠳᠤᠰ ᠤᠨ ᠲᠤᠷᠰᠢᠯᠲᠠ ᠶᠢᠨ ᠴᠢᠭ᠋ ᠤᠨ ᠦᠵᠡᠮᠵᠢᠲᠦ ᠣᠷᠣᠨ ᠬᠠᠮᠲᠤᠷᠠᠨ ᠠᠵᠢᠯᠯᠠᠬᠤ ᠶᠢ ᠴᠢᠷᠮᠠᠶᠢᠨ ᠠᠬᠢᠭᠤᠯᠵᠤ᠂ ᠦᠵᠡᠮᠵᠢᠲᠦ ᠣᠷᠣᠨ ᠢ ᠬᠠᠪᠰᠤᠷᠴᠤ ᠪᠠᠶᠢᠭᠠᠳ ᠰᠣᠶᠣᠯ ᠤᠨ ᠠᠭᠤᠯᠤᠭᠳᠠᠬᠤᠨ ᠪᠣᠯᠤᠨ ᠰᠣᠶᠣᠯ ᠤᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠰᠣᠶᠣᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠠᠩᠭᠠᠯᠭ᠎ᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠴᠦ᠂ ᠦᠵᠡᠮᠵᠢᠲᠦ ᠣᠷᠣᠨ ᠪᠠ ᠰᠣᠶᠣᠯ ᠤᠨ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号