ᠥᠪᠥᠷ ᠮᠣᠩᠭᠤᠯ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2017/5/12
     ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠦᠷᠭᠦᠯᠵᠢᠯᠡᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠶᠢᠨ ᠲᠦᠯᠦᠭᠡ᠂ ᠥᠪᠥᠷ ᠮᠣᠩᠭᠤᠯ ᠡᠨᠡ ᠡᠳᠦᠷ ᠠᠴᠠ ᠡᠬᠢᠯᠡᠨ 2018 ᠤᠨ ᠤ 1 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠤ ᠬᠡᠪᠴᠢᠶᠡᠨ ᠳᠤ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠬᠦ ᠪᠠᠷ ᠪᠤᠯᠪᠠ᠃ ᠡᠨᠡ ᠤᠳᠠᠭ᠎ᠠ ᠶᠢᠨ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠤᠪᠤᠶᠢᠮ᠎ᠠ ᠠᠰᠠᠭᠤᠳᠠᠯ᠂ ᠬᠦᠴᠢᠷ ᠲᠦᠪᠡᠭᠲᠡᠶ ᠠᠰᠠᠭᠤᠳᠠᠯ ᠳᠤ ᠴᠢᠭᠯᠡᠭᠦᠯᠦᠨ᠂ ᠡᠯ᠎ᠡ ᠲᠠᠯ᠎ᠠ ᠶᠢᠨ ᠬᠦᠴᠦᠨ ᠪᠠ ᠤᠳᠤ ᠪᠠᠶᠢᠭ᠎ᠠ ᠲᠦᠷᠢᠮ᠂ ᠲᠤᠭᠲᠠᠴᠠ ᠶᠢ ᠡᠮᠬᠢᠯᠡᠨ ᠨᠡᠶᠢᠯᠡᠭᠦᠯᠵᠦ᠂ ︽ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠢ ᠴᠠᠭᠳᠠᠨ ᠲᠣᠭᠤᠷᠢᠬᠤ ᠰᠡᠷᠭᠡᠶᠢᠯᠡᠨ ᠬᠠᠮᠠᠭᠠᠯᠠᠬᠤ᠂ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠴᠦ ᠰᠢᠶᠳᠪᠦᠷᠢᠯᠡᠬᠦ᠂ ᠴᠠᠭᠳᠠᠭ᠎ᠠ ᠰᠤᠷᠭᠠᠭᠤᠯᠢ ᠬᠠᠮᠲᠤᠷᠠᠨ ᠬᠥᠳᠡᠯᠦᠯᠴᠡᠬᠦ ᠲᠣᠭᠲᠠᠴᠠ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠥᠷᠢᠮ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ︾ ᠵᠡᠷᠭᠡ 6 ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠨᠦᠯᠦᠭᠡ ᠶᠡᠬᠡᠲᠡᠢ ᠴᠢᠬᠤᠯᠠ ᠶᠡᠭᠡ ᠬᠡᠷᠡᠭ ᠶᠠᠪᠤᠳᠠᠯ ᠡᠭᠦᠰᠬᠦ ᠶᠢ ᠡᠷᠡᠰ ᠰᠡᠷᠭᠡᠶᠢᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠬᠦ ᠪᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠨᠠᠷᠢᠨ ᠬᠠᠭᠤᠳᠠᠰᠤ ᠶᠢ ᠲᠤᠭᠲᠠᠭᠠᠵᠤ᠂ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠲᠤᠭ᠎ᠠ ᠪᠠᠷᠢᠮᠲᠠ ᠴᠤᠭᠯᠠᠭᠤᠯᠬᠤ᠂ ᠵᠠᠳᠠᠯᠤᠨ ᠰᠢᠨᠵᠢᠬᠦ ᠲᠤᠭᠲᠠᠴᠠ ᠶᠢ ᠪᠠᠶᠢᠭᠤᠯᠵᠤ᠂ ᠰᠤᠷᠭᠠᠭᠤᠯᠢ ᠳᠤ ᠴᠠᠭ ᠲᠤᠬᠠᠶ ᠳᠤᠨᠢ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠠᠨᠠᠭᠤᠯᠤᠮᠵᠢ ᠦᠭᠴᠦ᠂ ᠰᠤᠷᠭᠠᠭᠤᠯᠢ ᠶᠢᠨ ᠬᠦᠷᠢᠶ᠎ᠡ ᠶᠢ ᠵᠢᠯᠤᠭᠤᠳᠴᠦ ᠪᠠᠶᠢᠭᠠᠳ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠭᠡᠶᠢᠯᠡᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠠᠵᠤ ᠦᠢᠯᠡᠳᠪᠦᠷᠢ ᠬᠤᠳᠠᠯᠳᠤᠭ᠎ᠠ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠢᠯᠭᠠᠷᠠᠭᠤᠯᠤᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠰᠠᠮᠠᠭᠤᠷᠠᠯ ᠤᠨ ᠴᠢᠭ᠋ ᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠬᠤ ᠬᠡᠷᠡᠭᠲᠡᠢ᠃ ᠴᠠᠭᠳᠠᠭ᠎ᠠ ᠰᠤᠷᠭᠠᠭᠤᠯᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠮᠡᠳᠡᠭᠡ ᠵᠠᠩᠭᠢ ᠨᠡᠪᠲᠡᠷᠡᠯᠴᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠲᠠᠯ᠎ᠠ ᠪᠠᠷ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ︽ᠨᠢᠭᠡ ᠬᠤᠯᠪᠣᠭᠠᠰᠤ ᠮᠠᠶ᠋ᠢᠭ︾᠎ ᠤᠨ ᠴᠠᠭᠳᠠᠭ᠎ᠠ ᠳᠤ ᠮᠡᠳᠡᠭᠦᠯᠬᠦ ᠵᠡᠷᠭᠡ ᠪᠠᠴᠢᠮ ᠲᠦᠭᠰᠢᠭᠦᠷᠢ ᠶᠢ ᠴᠠᠭᠳᠠᠭ᠎ᠠ ᠳᠤ ᠮᠡᠳᠡᠭᠦᠯᠬᠦ ᠲᠤᠨᠤᠭᠯᠠᠯ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠪᠠ ᠴᠠᠭᠳᠠᠭ᠎ᠠ ᠳᠤ ᠮᠡᠳᠡᠭᠦᠯᠬᠦ ᠲᠠᠪᠴᠠᠩ ᠳᠤ ᠵᠠᠯᠭᠠᠨ ᠤᠷᠤᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠦᠢᠯᠡᠳᠦᠯ ᠪᠠ ᠪᠠᠴᠢᠮ ᠪᠠᠶᠢᠳᠠᠯ ᠢ ᠠᠷᠭᠠᠴᠠᠬᠤ ᠳᠤ ᠲᠤᠰᠬᠠᠯ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号