︽ᠨᠢᠬᠡ ᠪᠦᠰᠡ ᠨᠢᠬᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠳᠦᠷᠦᠬᠦᠴᠦᠳ ᠤᠨ ᠶᠠᠷᠢᠶᠠᠨ ᠎ ᠤ ᠳᠠᠪᠴᠠᠩ ᠵᠠᠭᠤᠴᠢᠯᠠᠭᠤᠷ ᠤᠨ ᠬᠢᠨ ᠳᠤ ᠪᠠᠶᠢᠳᠠᠯ ᠢ ᠮᠡᠳᠡᠭᠳᠡᠬᠦ ᠬᠤᠷᠠᠯ ᠬᠢᠪᠡ  ᠵᠠᠩ ᠵᠢᠶᠠᠨ ᠮᠢᠨ ᠦᠪᠦᠷ ᠮᠤᠩᠭᠤᠯ ᠤᠨ ︽ᠨᠢᠬᠡ ᠪᠦᠰᠡ ᠨᠢᠬᠡ ᠵᠡᠮ︾᠎ ᠤᠨ ᠪᠦᠳᠦᠬᠡᠨ ᠪᠠᠶᠢᠭᠤᠯᠤᠯᠳᠠ ᠶᠢᠨ ᠳᠠᠯ᠎ᠠ ᠪᠠᠷ ᠬᠢ ᠪᠠᠶᠢᠳᠠᠯ ᠢ ᠳᠠᠨᠢᠯᠴᠠᠭᠤᠯᠵᠦ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠵᠠᠢ
ᠨᠡᠶᠢᠲᠡᠯᠡᠭᠰᠡᠨ ᠴᠠᠭ᠄
2017/5/15
     5 ᠳ᠋ᠤᠭᠠᠷ ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂ ︽ᠨᠢᠬᠡ ᠪᠦᠰᠡ ᠨᠢᠬᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠳᠦᠷᠦᠬᠦᠴᠤᠳ ᠤᠨ ᠶᠠᠷᠢᠶᠠᠨ ᠤ ᠳᠠᠪᠴᠠᠩ ᠤᠨ ᠰᠤᠨᠢᠨ ᠮᠡᠳᠡᠬᠡᠨ ᠤ ᠳᠦᠪ ᠪᠡᠬᠡᠵᠢᠩ ᠳᠠᠬᠢ ᠤᠯᠤᠰ ᠤᠨ ᠬᠤᠷᠠᠯ ᠤᠨ ᠳᠦᠪ ᠲᠤ ᠵᠠᠭᠤᠴᠢᠯᠠᠭᠤᠷ ᠤᠨ ᠬᠢᠨ ᠳᠤ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠠᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠵᠠᠩ ᠵᠢᠶᠠᠨ ᠮᠢᠨ ᠢ ᠤᠷᠢᠵᠦ᠂ ᠦᠪᠦᠷ ᠮᠤᠩᠭᠤᠯ ᠤᠨ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠶᠢᠨ ᠳᠠᠯ᠎ᠠ ᠪᠠᠷ ᠬᠢ ᠪᠠᠶᠢᠳᠠᠯ ᠎ ᠢ ᠳᠠᠨᠢᠯᠴᠠᠭᠤᠯᠪᠠ᠃      ᠵᠠᠩ ᠵᠢᠶᠠᠨ ᠮᠢᠨ ᠬᠡᠯᠡᠭᠰᠡᠨ ᠨᠢ᠂ ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠴᠤᠩᠬᠤᠪᠴᠢ᠂ ᠮᠦᠨᠴᠤ ᠳᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠴᠢᠬᠤᠯᠠ ᠳᠤᠯᠭᠠᠭᠤᠷᠢ ᠬᠦᠴᠦᠨ ᠪᠤᠯᠬᠤ ᠤᠴᠢᠷ ᠠᠴᠠ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠳᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠶᠤᠮ᠃ 2014 ᠣᠨ ᠤ ᠡᠬᠢ ᠪᠠᠷ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠦᠪᠦᠷ ᠮᠤᠩᠭᠤᠯ ᠪᠤᠯ ᠤᠷᠤᠰ᠂ ᠮᠤᠩᠭᠤᠯ ᠬᠤᠶᠠᠷ ᠤᠯᠤᠰ ᠲᠠᠢ ᠵᠠᠯᠭᠠᠯᠳᠤᠵᠦ ᠪᠠᠶᠢᠬᠤ ᠤᠴᠢᠷ ᠠᠴᠠ ᠬᠢᠯᠢ ᠳᠠᠭᠠᠤ ᠶᠢᠨ ᠨᠡᠬᠡᠬᠡᠯᠳᠡ ᠶᠢ ᠬᠦᠭᠵᠢᠬᠦᠯᠬᠦ ᠦᠪᠡᠷᠮᠢᠴᠡ ᠳᠠᠪᠠᠭᠤᠯᠢᠬ ᠲᠠᠢ ᠶᠤᠮ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠶᠢᠨ ᠡᠮᠤᠨ᠎ᠠ ᠹᠷᠤᠨᠲ ᠪᠤᠯᠤᠬᠰᠠᠨ ᠤ ᠬᠤᠪᠢ ᠳᠤ ᠡᠷᠬᠡᠪᠰᠢ ᠨᠡᠬᠡᠬᠡᠯᠳᠡ ᠬᠢᠬᠦ ᠶᠢ ᠦᠷᠬᠡᠳᠬᠡᠬᠦ ᠪᠠᠷ ᠳᠠᠮᠵᠢᠨ ᠦᠬᠡᠷᠡᠴᠢᠯᠡᠯᠳᠡ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃ ᠤᠶᠢᠷ᠎ᠠ ᠶᠢᠨ ᠵᠢᠯ ᠤᠳ ᠲᠤ᠂ ᠦᠪᠦᠷ ᠮᠤᠩᠭᠤᠯ ︽ᠨᠢᠬᠡ ᠪᠦᠰᠡ ᠨᠢᠬᠡ ᠵᠠᠮ︾᠎ ᠤᠨ ᠪᠦᠳᠦᠬᠡᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠵᠦ᠂ ︽ᠳᠦᠷᠦ ᠶᠢᠨ ᠪᠤᠳᠤᠯᠭ᠎ᠠ ᠨᠡᠪᠳᠡᠷᠡᠯᠴᠡᠬᠦ᠂ ᠳᠤᠨᠤᠬ ᠳᠦᠬᠦᠬᠡᠷᠦᠮᠵᠢ ᠬᠤᠯᠪᠤᠯᠴᠠᠬᠤ᠂ ᠠᠷᠠᠯᠵᠢᠶ᠎ᠠ ᠰᠠᠭᠠᠳ ᠦᠬᠡᠢ ᠶᠠᠪᠤᠬᠳᠠᠬᠤ᠂ ᠪᠡᠯᠡ ᠮᠦᠩᠬᠦ ᠢᠯᠭᠤᠮ ᠬᠦᠢᠯᠬᠡᠬᠡᠨ ᠳᠤ ᠤᠷᠤᠬᠤ᠂ ᠠᠷᠠᠳ ᠢᠷᠬᠡᠳ ᠰᠠᠨᠠᠭ᠎ᠠ ᠰᠡᠳᠬᠢᠯ ᠢᠶᠠᠨ ᠤᠯᠤᠯᠴᠠᠬᠤ︾᠎ ᠪᠠᠷ ᠭᠤᠤᠯᠳᠠᠯᠭ᠎ᠠ ᠪᠤᠯᠭᠠᠨ ᠰᠢᠷᠢᠰ ᠳᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠠ ᠨᠦᠭᠦᠳ ᠢ ᠭᠤᠤᠯᠳᠠᠯᠭ᠎ᠠ ᠲᠠᠢ ᠳᠤᠬᠳᠠᠭᠠᠪᠡ᠃      ᠨᠢᠬᠡ ᠳᠤ᠂ ᠰᠠᠭᠤᠷᠢ ᠳᠦᠬᠦᠬᠡᠷᠦᠮᠵᠢ ᠶᠢᠨ ᠬᠠᠷᠢᠯᠴᠠᠨ ᠬᠤᠯᠪᠤᠯᠴᠠᠵᠦ ᠬᠠᠷᠢᠯᠴᠠᠨ ᠨᠡᠪᠳᠡᠷᠡᠯᠴᠡᠬᠦ ᠶᠢ ᠳᠦᠷᠬᠡᠨ ᠠᠬᠢᠭᠤᠯᠤᠨ᠎ᠠ᠃ ᠳᠡᠮᠤᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠠᠢ︔ ᠪᠤᠭᠤᠮᠳᠠ ᠶᠢᠨ ᠪᠦᠳᠦᠬᠡᠨ ᠪᠠᠶᠢᠭᠤᠯᠤᠯᠳᠠ ᠶᠢᠨ ᠡᠷᠴᠢᠮ ᠢ ᠴᠢᠩᠭᠠᠷᠠᠭᠤᠯᠵᠦ᠂ ᠮᠠᠨᠵᠤᠤᠷ᠂ ᠡᠷᠢᠶᠡᠨ ᠬᠤᠳᠠ ᠵᠡᠷᠬᠡ ᠪᠤᠭᠤᠮᠳᠠ ᠳᠤ ᠨᠢᠬᠡ ᠤᠳᠠᠭ᠎ᠠ ᠡᠷᠠᠮᠠᠯᠵᠠᠨ ᠮᠡᠳᠡᠬᠦᠯᠬᠦ᠂ ᠨᠢᠬᠡ ᠤᠳᠠᠭ᠎ᠠ ᠰᠢᠯᠭᠠᠨ ᠪᠠᠶᠢᠴᠠᠭᠠᠬᠤ᠂ ᠨᠢᠬᠡ ᠤᠳᠠᠭ᠎ᠠ ᠳᠤ ᠤᠷᠤᠵᠦ ᠭᠠᠷᠬᠤ ᠶᠢ ᠵᠦᠪᠰᠢᠶᠡᠷᠡᠬᠦ ᠪᠤᠭᠤᠮᠳᠠ ᠨᠡᠪᠳᠡᠷᠡᠬᠦᠯᠬᠦ ᠠᠵᠢᠯ ᠢ ᠴᠢᠩᠭᠠᠳᠬᠠᠵᠠᠢ᠃      ᠬᠤᠶᠠᠷ ᠲᠤ᠂ ᠠᠵᠦ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢ ᠢᠳᠡᠪᠬᠢᠳᠡᠢ ᠦᠷᠨᠢᠬᠦᠯᠵᠦ᠂ ᠤᠷᠤᠨ ᠤ ᠳᠤᠳᠤᠷᠠᠬᠢ ᠠᠵᠦ ᠠᠬᠤᠶᠢᠯᠠᠯ ᠤᠨ ᠭᠠᠳᠠᠬᠰᠢ ᠭᠠᠷᠴᠤ ᠡᠷᠬᠢᠨ ᠳᠤᠭᠤᠷᠢᠨ ᠤ ᠤᠯᠤᠰ ᠤᠳ ᠯᠤᠭ᠎ᠠ ᠦᠢᠯᠡᠳᠪᠤᠷᠢᠯᠡᠯ ᠎ ᠤᠨ ᠴᠢᠳᠠᠪᠤᠷᠢ ᠶᠢᠨ ᠬᠠᠮᠳᠤᠷᠠᠯᠴᠠᠭ᠎ᠠ ᠬᠢᠬᠦ ᠶᠢ ᠵᠤᠷᠢᠬᠵᠢᠭᠤᠯᠤᠨ ᠳᠡᠮᠵᠢᠪᠡ᠃ ᠡᠬᠦᠨ ᠤ ᠬᠠᠮᠳᠤ᠂ ᠬᠢᠯᠢ ᠠᠯᠤᠰᠯᠠᠬᠰᠠᠨ ᠵᠤᠭᠠᠴᠠᠯ ᠢ ᠳᠦᠷᠬᠡᠨ ᠬᠦᠭᠵᠢᠬᠦᠯᠬᠦ᠂ ᠨᠡᠬᠡᠬᠡᠯᠳᠡ ᠬᠢᠵᠦ ᠰᠤᠯᠢᠯᠴᠠᠭ᠎ᠠ ᠬᠢᠬᠦ ᠳᠠᠪᠴᠠᠩ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ᠂ ᠰᠤᠶᠤᠯ ᠢᠷᠬᠡᠨᠰᠢᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ ᠨᠢᠬᠳᠠᠷᠠᠭᠤᠯᠬᠤ ᠵᠡᠷᠬᠡ ᠳᠠᠯ᠎ᠠ ᠪᠠᠷ ᠢᠳᠡᠪᠬᠢᠳᠡᠢ ᠠᠬᠢᠴᠠ ᠤᠯᠵᠠᠢ ᠬᠡᠪᠡ᠃      ᠬᠤᠷᠠᠯ ᠳᠡᠬᠡᠷ᠎ᠠ᠂ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠪᠤᠯᠤᠨ ᠪᠤᠭᠤᠮᠳᠠ ᠶᠢᠨ ᠠᠯᠪᠠᠨ ᠬᠡᠷ ᠤᠨ ᠬᠠᠷᠢᠭᠤᠴᠠᠯᠭᠠᠳᠠᠨ ᠪᠠᠰᠠ ᠦᠪᠦᠷ ᠮᠤᠩᠭᠤᠯ ᠤᠨ ︽ᠨᠢᠬᠡ ᠪᠦᠰᠡ ᠨᠢᠬᠡ ᠵᠠᠮ︾᠎ ᠤᠨ ᠱᠤᠭᠤᠮ ᠳᠠᠭᠠᠤ ᠶᠢᠨ ᠤᠯᠤᠰ ᠤᠳ ᠯᠤᠭ᠎ᠠ ᠶᠢᠨ ᠠᠵᠦ ᠠᠬᠤᠢ ᠠᠷᠠᠯᠵᠢᠶᠠᠨ ᠤ ᠬᠠᠮᠳᠤᠷᠠᠯᠴᠠᠭ᠎ᠠ ᠶᠢᠨ ᠪᠠᠶᠢᠳᠠᠯ᠂ ᠦᠪᠦᠷ ᠮᠤᠩᠭᠤᠯ ᠤᠨ ᠳᠤᠮᠳᠠᠳᠤ ᠶᠢᠨ ᠪᠡᠯᠡ ᠤᠷᠤᠭᠤᠯᠤᠭᠰᠠᠨ ᠠᠵᠦ ᠠᠬᠤᠶᠢᠯᠠᠯ ᠤᠨ ᠭᠠᠳᠠᠬᠰᠢ ᠭᠠᠷᠴᠤ ᠪᠠᠶᠢᠭ᠎ᠠ ᠪᠠᠶᠢᠳᠠᠯ ᠵᠡᠷᠬᠡ ᠠᠰᠠᠭᠤᠳᠠᠯ ᠤᠳ ᠤᠨ ᠳᠠᠯ᠎ᠠ ᠪᠠᠷ ᠬᠢ ᠰᠤᠷᠪᠤᠯᠵᠢᠯᠠᠬᠴᠢᠳ ᠤᠨ ᠠᠰᠠᠭᠤᠯᠳᠠ ᠶᠢ ᠬᠠᠷᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号