ᠯᠢ ᠵᠢᠢ ᠾᠧᠩ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ  ᠲᠡᠳ᠋ ᠲᠠᠷᠤᠭ᠎ᠠ ᠴᠧᠨ ᠵᠦ ᠲᠠᠢ ᠪᠠᠷᠠᠳᠠᠨ ᠵᠤᠯᠭᠠᠪᠠ
ᠨᠡᠶᠢᠲᠡᠯᠡᠭᠰᠡᠨ ᠴᠠᠭ᠄
2017/5/15
     5 ᠳ᠋ᠤᠭᠠᠷ ᠰᠠᠷ᠎ᠠ ᠶᠢᠨ 12᠎ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠲᠠᠷᠤᠭ᠎ᠠ᠂ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠷᠤᠭ᠎ᠠ᠂ ᠲᠠᠷᠢᠶᠠᠴᠢᠨ ᠠᠵᠢᠯᠴᠢᠨ ᠤ ᠠᠷᠠᠳᠴᠢᠯᠠᠬᠰᠠᠨ ᠨᠠᠮ ᠤᠨ ᠲᠦᠪ ᠬᠤᠷᠢᠶ᠎ᠠ ᠶᠢᠨ ᠲᠡᠷᠢᠭᠦᠯᠡᠭᠴᠢ ᠴᠧᠨ ᠵᠦ ᠲᠠᠢ ᠪᠠᠷᠠᠳᠠᠨ ᠵᠤᠯᠭᠠᠪᠠ᠃        ᠴᠧᠨ ᠵᠦ ᠮᠠᠨ ᠤ ᠤᠷᠤᠨ ᠤ ᠤᠯᠠᠭᠠᠨ ᠵᠠᠭᠠᠯᠮᠠᠶᠢᠳᠠᠨ ᠤ ᠠᠵᠢᠯ ᠤᠨ ᠠᠮᠵᠢᠯᠳᠡ ᠶᠢ ᠬᠦᠢᠴᠡᠳ ᠨᠤᠳᠠᠯᠠᠪᠠ᠃ ᠲᠡᠷᠡ ᠬᠡᠯᠡᠭᠰᠡᠨ ᠨᠢ᠂ ᠦᠪᠦᠷ ᠮᠤᠩᠭᠤᠯ ᠤᠨ ᠤᠯᠠᠭᠠᠨ ᠵᠠᠭᠠᠯᠮᠠᠶᠢᠳᠠᠨ ᠤ ᠠᠵᠢᠯ ᠤᠨ ᠰᠠᠭᠤᠷᠢ ᠰᠠᠶᠢᠨ᠂ ᠲᠦᠪᠰᠢᠨ ᠦᠨᠳᠦᠷ᠂ ᠲᠤᠷᠰᠢᠯᠭ᠎ᠠ ᠤᠯᠠᠨ᠂ ᠲᠤᠬᠳᠠᠴᠠ ᠰᠢᠯᠤᠭᠤᠨ᠂ ︽ᠭᠤᠷᠪᠠᠨ ᠠᠪᠤᠷᠠᠬᠤ ᠭᠤᠷᠪᠡᠨ ᠬᠠᠨᠳᠢᠪᠯᠠᠬᠤ︾ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠳᠦᠮᠵᠢ ᠲᠠᠢ ᠠᠵᠢᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠳᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠢᠴᠡᠳ ᠢᠯᠡᠷᠡᠭᠦᠯᠪᠡ᠃ ᠲᠠᠷᠠᠭᠠᠴᠢ ᠶᠢᠨ ᠠᠯᠬᠤᠮ ᠳᠤ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ︽ᠡᠷᠡᠭᠦᠯ ᠡᠩᠬᠡ ᠶᠢᠨ ᠲᠤᠷᠭᠠᠨ ᠵᠠᠮ︾ ᠪᠠ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠵᠡᠷᠭᠡ ᠲᠠᠯ᠎ᠠ ᠪᠠᠷ ᠦᠪᠦᠷ ᠮᠤᠩᠭᠤᠯ ᠳᠤ ᠨᠡᠩ ᠢᠯᠡᠭᠦᠦ ᠲᠡᠮᠵᠢᠯᠭᠡ ᠦᠵᠡᠭᠦᠯᠦᠨ᠎ᠡ ᠬᠡᠪᠡ᠃        ᠯᠢ ᠵᠢᠢ ᠾᠧᠩ ᠴᠧᠨ ᠵᠦ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠲᠠᠷᠢᠶᠠᠴᠢᠨ ᠠᠵᠢᠯᠴᠢᠨ ᠤ ᠠᠷᠠᠳᠴᠢᠯᠡᠬᠰᠠᠨ ᠨᠠᠮ ᠤᠨ ᠲᠦᠪ ᠬᠤᠷᠢᠶ᠎ᠠ ᠶᠢᠨ ᠦᠪᠦᠷ ᠮᠤᠩᠭᠤᠯ ᠳᠠᠬᠢ ᠬᠠᠯᠠᠮᠵᠢᠯᠠᠯ ᠪᠤᠯᠤᠨ ᠲᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠬᠦᠭᠵᠢᠯᠳᠡ ᠶᠢ ᠦᠷᠭᠦᠯᠵᠢᠯᠡᠨ ᠲᠡᠭᠡᠳᠦ ᠬᠡᠮᠵᠢᠶ᠎ᠠ ᠪᠠᠷ ᠬᠦᠨᠳᠦᠳᠭᠡᠨ ᠢᠳᠡᠪᠬᠢᠳᠡᠢ ᠲᠡᠮᠵᠢᠵᠤ᠂ ᠪᠦᠬᠦ ᠤᠷᠤᠨ ᠤ ᠤᠯᠠᠭᠠᠨ ᠵᠠᠭᠠᠯᠮᠠᠶᠢᠳᠠᠨ ᠤ ᠠᠵᠢᠯ ᠤᠨ ᠲᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠤᠨ᠎ᠠ᠃ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠦᠩᠭᠡᠷᠡᠭᠰᠡᠨ ᠲᠠᠢ ᠪᠠᠨ ᠠᠳᠠᠯᠢ ᠪᠠᠷ ᠦᠷᠭᠦᠯᠵᠢᠯᠡᠨ ᠦᠪᠦᠷ ᠮᠤᠩᠭᠤᠯ ᠤᠨ ᠪᠦᠳᠦᠭᠡᠨ ᠪᠠᠶᠢᠭᠤᠯᠤᠯᠳᠠ ᠬᠢᠭᠡᠳ ᠬᠦᠭᠵᠢᠯᠳᠡ ᠶᠢ ᠬᠠᠯᠠᠮᠵᠢᠯᠠᠵᠣ᠂ ᠪᠢᠳᠡᠨ ᠢ ᠬᠠᠪᠰᠤᠷᠤᠨ ᠠᠵᠢᠯ ᠢᠶᠠᠨ ᠨᠡᠩ ᠰᠠᠶᠢᠨ ᠬᠢᠭᠦ ᠶᠢ ᠬᠦᠰᠡᠵᠤ ᠪᠠᠶᠢᠨ᠎ᠠ ᠬᠡᠵᠡᠢ᠃        ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠪᠠᠶᠢᠩᠭᠤ ᠶᠢᠨ ᠲᠡᠳ᠋ ᠲᠠᠷᠤᠭ᠎ᠠ ᠰᠢᠤᠢ ᠺᠧ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠯᠦᠸᠧ ᠶᠦᠩ ᠭᠠᠩ᠂ ᠬᠤᠷᠴᠠ᠂ ᠯᠢᠦ ᠰᠢᠨ ᠯᠧ ᠪᠠᠷᠠᠳᠠᠨ ᠵᠤᠯᠭᠠᠬᠤ ᠳᠤ ᠤᠷᠤᠯᠴᠠᠵᠠᠢ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号