ᠵᠠᠩ ᠵᠢᠶᠠᠨ ᠮᠢᠨ ᠦᠪᠡᠷᠲᠡᠭᠡᠨ ᠵᠠᠰᠠᠬᠤ ᠤᠷᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠪᠣᠯᠣᠨ ᠦᠪᠡᠷᠲᠡᠭᠡᠨ ᠵᠠᠰᠬᠠᠤ ᠤᠷᠤᠨ᠂ ᠬᠦᠬᠡᠬᠤᠲᠠ ᠬᠤᠶᠠᠷ ᠱᠠᠳᠤᠨ ᠤ ᠦᠢᠯᠡᠴᠢᠯᠡᠭᠡᠨ ᠤ ᠲᠦᠪ ᠢ ᠪᠦᠲᠦᠭᠡᠨ ᠪᠠᠶᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2017/5/15
     5 ᠳ᠋ᠤᠭᠠᠷ ᠰᠠᠷ᠎ᠠ ᠶᠢᠨ 4᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠦᠪᠡᠷᠲᠡᠭᠡᠨ ᠵᠠᠰᠠᠬᠤ ᠤᠷᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠪᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠵᠤ ᠪᠠᠶᠢᠬᠤ ᠪᠠᠶᠢᠳᠠᠯ ᠤᠨ ᠲᠤᠬᠠᠢ ᠲᠤᠰᠬᠠᠢᠢᠯᠠᠨ ᠪᠠᠶᠢᠴᠠᠭᠠᠨ ᠰᠤᠳᠤᠯᠤᠯᠲᠠ ᠬᠢᠵᠠᠢ᠃ ᠲᠡᠷᠡ᠂ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠰᠢᠨ᠎ᠠ ᠵᠠᠭᠪᠤᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠳᠠᠯᠳᠤᠭ᠎ᠠ ᠡᠷᠬᠢᠯᠡᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠵᠦᠭᠡᠯᠡᠨ ᠤᠷᠴᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃        ᠦᠪᠡᠷᠲᠡᠭᠡᠨ ᠵᠠᠰᠬᠠᠤ ᠤᠷᠤᠨ᠂ ᠬᠦᠬᠡᠬᠤᠲᠠ ᠬᠤᠶᠠᠷ ᠱᠠᠳᠤᠨ ᠤ ᠵᠠᠰᠠᠭ ᠤᠨ ᠶᠠᠪᠤᠳᠠᠯ ᠪᠤᠯᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠵᠠᠩ ᠵᠢᠶᠠᠨ ᠮᠢᠨ ᠲᠦᠷᠦᠯ ᠵᠦᠢᠯ ᠤᠨ ᠠᠬᠢᠴᠠ᠂ ᠴᠢᠳᠠᠮᠵᠢ ᠶᠢᠨ ᠪᠠᠶᠢᠷᠢᠰᠢᠯᠠᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠨᠢᠮᠪᠠᠢ ᠤᠢᠢᠯᠠᠭᠠᠵᠤ᠂ ᠬᠦᠬᠡᠬᠤᠲᠠ ᠶᠢᠨ ᠬᠢᠨ ᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠷᠭᠦᠯᠵᠢᠯᠡᠨ ᠲᠦᠷᠭᠡᠳᠭᠡᠵᠤ᠂ ᠬᠤᠶᠠᠷ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠤᠯᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠡᠯ᠎ᠠ ᠲᠠᠯ᠎ᠠ ᠶᠢᠨ ᠨᠦᠬᠦᠴᠡᠯ ᠢ ᠰᠠᠶᠢᠵᠢᠷᠠᠭᠤᠯᠵᠤ᠂ ᠲᠤᠭᠳᠠᠭᠰᠠᠨ ᠬᠤᠭᠤᠴᠠᠭᠠᠨ ᠳᠤ ᠠᠰᠢᠭᠯᠠᠯᠲᠠ ᠳᠤ ᠤᠷᠤᠭᠤᠯᠬᠤ ᠶᠢ ᠪᠠᠲᠤᠯᠠᠵᠤ᠂ ᠤᠯᠠᠨ ᠲᠦᠮᠡᠨ ᠪᠤᠯᠤᠨ ᠠᠵᠤ ᠠᠬᠤᠢᠢᠯᠠᠯ ᠳᠤ ᠨᠡᠩ ᠰᠠᠶᠢᠨ ᠢᠶᠠᠷ ᠦᠢᠯᠡᠴᠢᠯᠡᠭᠦᠯᠬᠦ ᠬᠡᠷᠡᠭᠲᠡᠢ ᠬᠡᠵᠥ ᠱᠠᠭᠠᠷᠳᠠᠪᠠ᠃        ᠵᠠᠩ ᠵᠢᠶᠠᠨ ᠮᠢᠨ ᠪᠠᠰᠠ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠲᠦᠪ ᠤᠨ ᠬᠠᠷᠢᠶ᠎ᠠ ᠦᠮᠴᠢᠯᠡᠬᠦ ᠡᠷᠬᠡ ᠶᠢᠨ ᠠᠷᠠᠯᠵᠢᠶᠠᠨ ᠤ ᠲᠦᠪ᠂ ᠢᠨᠵᠧᠨᠧᠷᠢᠩ ᠤᠨ ᠲᠦᠷᠦᠯ ᠵᠦᠢᠯ ᠤᠨ ᠲᠠᠭᠠᠭᠠᠴᠢᠯᠠᠯᠳᠠ ᠵᠠᠷᠯᠠᠬᠤ ᠲᠦᠪ ᠪᠤᠯᠤᠨ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠲᠦᠪ ᠢ ᠪᠠᠶᠢᠴᠠᠭᠠᠨ ᠦᠵᠡᠪᠡ᠃ ᠤᠯᠠᠨ ᠲᠠᠢ ᠶᠠᠷᠢᠯᠴᠠᠬᠤ ᠳᠠᠭᠠᠨ᠂ ᠵᠠᠩ ᠵᠢᠶᠠᠨ ᠮᠢᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠳᠠ ᠶᠢᠨ ᠦᠢᠯᠡᠴᠢᠯᠡᠬᠡᠨ ᠤ ᠲᠦᠪ ᠤᠨ ᠡᠯ᠎ᠡ ᠵᠦᠢᠯ ᠤᠨ ᠠᠵᠢᠯ ᠢ ᠬᠦᠢᠴᠡᠳ ᠨᠤᠳᠠᠯᠠᠵᠥ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠳᠠ ᠶᠢᠨ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠤᠯᠤᠰ ᠤᠨ ︽ᠲᠠᠪᠴᠠᠩ ᠠᠴᠠ ᠭᠠᠳᠠᠭᠤᠷ ᠠᠷᠠᠯᠵᠢᠶ᠎ᠠ ᠬᠢᠵᠥ ᠦᠯᠥ ᠪᠤᠯᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠵᠥ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠳᠬᠡᠬᠦ ᠡᠷᠴᠢᠮ ᠢᠶᠠᠨ ᠦᠨᠡᠨᠬᠦ ᠴᠢᠩᠭᠠᠷᠠᠭᠤᠯᠬᠤ ᠬᠡᠷᠡᠭᠳᠡᠢ︔ ᠠᠷᠠᠯᠵᠢᠶᠠᠨ ᠤ ᠲᠦᠷᠢᠮ ᠲᠤᠭᠳᠠᠭᠠᠯ ᠲᠤᠭᠳᠠᠭᠠᠬᠤ ᠪᠤᠯᠤᠨ ᠲᠡᠬᠦᠯᠳᠡᠷᠵᠢᠬᠦᠯᠬᠦ ᠶᠢ ᠤᠯᠠᠮ ᠴᠢᠨᠠᠭᠰᠢᠳᠠ ᠰᠠᠶᠢᠳᠤᠷ ᠠᠳᠬᠤᠵᠥ᠂ ᠪᠦᠬᠦ ᠤᠷᠤᠨ ᠤ ᠨᠢᠬᠡᠳᠤᠯᠳᠡᠢ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠤᠯᠤᠨ ᠠᠵᠢᠯᠯᠠᠭᠠᠨ ᠤ ᠪᠠᠷᠢᠮᠵᠢᠶ᠎ᠠ ᠶᠢ ᠲᠦᠷᠭᠡᠨ ᠪᠦᠷᠢᠯᠳᠦᠬᠦᠯᠬᠦ ᠬᠡᠷᠡᠭᠳᠡᠢ︔ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠳᠠ ᠶᠢᠨ ᠬᠢᠨᠠᠯᠳᠠ ᠲᠠᠯᠪᠢᠬᠤ ᠲᠤᠭᠳᠠᠴᠠ ᠶᠢ ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠥ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠢ ᠢᠮᠠᠬᠳᠠ ᠢᠯᠡ ᠪᠠᠷ ᠶᠠᠪᠤᠭᠳᠠᠭᠤᠯᠬᠤ ᠬᠡᠷᠡᠭᠳᠡᠢ ᠬᠡᠵᠥ ᠱᠠᠭᠠᠷᠳᠠᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号