ᠥᠪᠥᠷ ᠮᠣᠩᠭᠤᠯ ︽ᠭᠤᠷᠪᠠᠨ ᠶᠡᠭᠡ ᠭᠠᠷᠲᠠᠴᠠ︾᠎ ᠪᠠᠷ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/5/15
     ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠳᠥᠯᠭᠢᠨ ᠠᠬᠢᠭᠤᠯᠬᠤ ᠲᠥᠰᠦᠯ︾᠎ ᠢ ᠲᠣᠭᠲᠠᠭᠠᠨ ᠨᠡᠶᠢᠲᠡᠯᠡᠵᠦ᠂ 2019 ᠣᠨ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠭᠦᠷᠭᠡ ᠶᠢ ᠪᠡᠶᠡᠯᠡᠭᠦᠯᠵᠦ᠂ 2020 ᠣᠨ ᠳᠤ ᠠᠪᠤᠷᠠᠨ ᠵᠠᠰᠠᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠡᠪᠡᠳᠴᠢᠨ ᠠᠴᠠ ᠪᠣᠯᠵᠤ ᠶᠠᠳᠠᠭᠤᠷᠠᠭᠰᠠᠨ ᠪᠠ ᠳᠠᠬᠢᠨ ᠶᠠᠳᠠᠭᠤᠷᠠᠭᠰᠠᠨ ᠡᠪᠡᠳᠴᠢᠲᠡᠳ ᠢ ᠴᠠᠭ ᠲᠤᠬᠠᠶ ᠳᠤᠨᠢ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠳ᠋ᠠᠶᠢᠲ᠋ᠠ ᠶᠢᠨ ᠰᠢᠰᠲ᠋ᠧᠮ ᠳᠤ ᠣᠷᠣᠭᠤᠯᠵᠤ ᠨᠢᠭᠡᠳᠦᠯᠲᠡᠶ ᠬᠠᠮᠢᠶᠠᠷᠬᠤ ᠪᠥᠭᠡᠳ ᠲᠣᠬᠢᠷᠠᠭᠤᠯᠵᠤ ᠡᠮᠨᠡᠨ ᠵᠠᠰᠠᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ︽ᠭᠤᠷᠪᠠᠨ ᠶᠡᠭᠡ ᠭᠠᠷᠲᠠᠴᠠ︾᠎ ᠪᠠᠷ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠎ ᠪᠠᠷ ᠪᠠᠶᠢᠨ᠎ᠠ᠃      ᠨᠢᠭᠡ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠦᠬᠦ ᠲᠠᠯ᠎ᠠ ᠶᠢᠨ ᠴᠢᠨᠠᠷᠲᠠᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠴᠢᠬᠤᠯᠠ ᠠᠵᠢᠯ ᠤᠨ ᠲᠣᠬᠢᠷᠠᠭᠤᠯᠭ᠎ᠠ ᠶᠢ ᠬᠢᠨᠠᠨ ᠶᠠᠷᠢᠯᠴᠠᠨ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠᠨ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠤᠴᠢᠷ ᠶᠠᠪᠤᠳᠠᠯ ᠢ ᠵᠣᠬᠢᠴᠠᠭᠤᠯᠵᠤ᠂ ᠡᠯ᠎ᠡ ᠠᠶᠢᠮᠠᠭ ᠬᠤᠳᠠ ᠶᠢ ᠵᠢᠯᠣᠭᠤᠳᠴᠤ ᠪᠠᠶᠢᠭᠠᠳ ᠠᠵᠢᠯ ᠢᠶᠠᠨ ᠥᠷᠨᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ ᠰᠠᠯᠠᠭ᠎ᠠ ᠮᠥᠴᠢᠷ ᠡᠭᠦᠷᠭᠡ ᠪᠠᠨ ᠲᠥᠷᠥᠯ ᠵᠦᠢᠯᠵᠢᠭᠦᠯᠬᠦ ᠱᠠᠭᠠᠷᠳᠠᠯᠭ᠎ᠠ ᠪᠠᠷ ᠬᠡᠷᠡᠭᠵᠢᠭᠦᠯᠬᠦ ᠲᠥᠰᠦᠯ ᠪᠠ ᠣᠨ ᠵᠢᠯ ᠤᠨ ᠲᠥᠯᠥᠪᠯᠡᠭᠡ ᠶᠢ ᠲᠥᠷᠥᠯ ᠬᠤᠪᠢᠶᠠᠨ ᠲᠣᠭᠲᠠᠭᠠᠵᠤ᠂ ᠵᠠᠷᠤᠳᠠᠯ ᠢ ᠨᠠᠶᠢᠳᠠᠪᠤᠷᠢᠵᠢᠭᠤᠯᠵᠤ᠂ ᠠᠵᠢᠯ ᠢ ᠲᠥᠯᠬᠢᠨ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃ ᠡᠯ᠎ᠡ ᠠᠶᠢᠮᠠᠭ ᠬᠤᠳᠠ ᠬᠠᠷᠢᠴᠠᠩᠭᠤᠢ ᠪᠦᠬᠦᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠱᠠᠲᠦ ᠱᠠᠲᠦ ᠪᠠᠷ ᠤᠯᠠᠮᠵᠢᠯᠠᠵᠤ᠂ ᠱᠠᠲᠦ ᠱᠠᠲᠦ ᠪᠠᠷ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠠᠷᠠᠯᠲᠠᠲᠤ ᠬᠢᠨᠠᠨ ᠰᠢᠯᠭᠠᠯᠲᠠ ᠶᠢᠨ ᠬᠠᠮᠢᠶᠠᠷᠤᠯᠲᠠ ᠳᠤ ᠣᠷᠣᠭᠤᠯᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ᠬᠤᠶᠠᠷ ᠲᠤ ᠲᠦᠯᠬᠢᠨ ᠠᠬᠢᠭᠤᠯᠬᠤ ᠲᠣᠭᠲᠠᠴᠠ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠤᠨ᠎ᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠤᠰᠬᠠᠶ ᠠᠵᠢᠯ ᠤᠨ ᠬᠤᠯᠪᠣᠭᠠᠲᠤ ᠬᠤᠷᠠᠯ ᠤᠨ ᠲᠦᠷᠢᠮ ᠢ ᠲᠣᠭᠲᠠᠭᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠤᠰᠬᠠᠶ ᠠᠵᠢᠯ ᠤᠨ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠠᠬᠢᠴᠠ ᠶᠢ ᠮᠡᠳᠡᠭᠳᠡᠵᠦ᠂ ᠲᠦᠯᠬᠢᠨ ᠠᠬᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠡᠷᠡᠭᠵᠢᠭᠦᠯᠬᠦ ᠠᠬᠢᠴᠠ ᠨᠢ ᠤᠳᠠᠭᠠᠨ᠂ ᠨᠠᠶᠢᠳᠠᠪᠤᠷᠢᠵᠢᠭᠤᠯᠬᠤ ᠠᠵᠢᠯ ᠨᠢ ᠬᠦᠴᠦᠲᠡᠶ ᠪᠣᠰᠤ᠂ ᠠᠷᠠᠳ ᠤᠯᠠᠨ ᠤ ᠲᠠᠭᠠᠰᠢᠶᠠᠯ ᠤᠨ ᠬᠡᠮᠵᠢᠶ᠎ᠡ ᠨᠡᠯᠢᠶᠡᠳ ᠳᠣᠣᠷ᠎ᠠ ᠪᠠᠶᠢᠭ᠎ᠠ ᠠᠶᠢᠮᠠᠭ ᠬᠤᠳᠠ ᠨᠤᠭᠤᠳ ᠲᠤ ᠬᠢᠨᠠᠨ ᠵᠢᠯᠣᠭᠤᠳᠴᠤ ᠰᠢᠪᠠᠳᠠᠨ ᠰᠢᠶᠳᠪᠦᠷᠢᠯᠡᠭᠦᠯᠬᠦ ᠲᠦᠷᠢᠮ ᠢ ᠬᠡᠷᠡᠭᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃      ᠭᠤᠷᠪᠠ ᠳᠤ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠲᠤᠯᠭᠠᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ︽ᠬᠠᠭᠠᠰ ᠵᠢᠯ ᠳᠤ ᠬᠢᠨᠠᠨ ᠵᠢᠯᠣᠭᠤᠳᠬᠤ᠂ ᠣᠨ ᠤ ᠬᠢᠨᠠᠨ ᠰᠢᠯᠭᠠᠯᠲᠠ ᠬᠢᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠣᠨ ᠤ ᠠᠵᠢᠯ ᠤᠨ ᠡᠭᠦᠷᠭᠡ ᠶᠢ ᠬᠢᠨᠠᠨ ᠰᠢᠯᠭᠠᠵᠤ ᠦᠨᠡᠯᠡᠨ ᠵᠢᠱᠢᠵᠤ᠂ ᠰᠢᠪᠠᠳᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠰᠢᠪᠠᠳᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠵᠠᠰᠠᠭᠤᠯᠤᠨ᠎ᠠ︔ ᠬᠦᠨᠳᠦᠳᠬᠡᠨ ᠦᠵᠡᠭᠰᠡᠨ ᠢᠶᠠᠷ ᠬᠦᠷᠦᠯᠴᠡᠬᠦ ᠦᠬᠡᠢ᠂ ᠠᠵᠢᠯ ᠨᠢ ᠯᠠᠪᠳᠠᠭᠤᠨ ᠪᠢᠰᠢ᠂ ᠬᠠᠷᠢᠯᠴᠠᠨ ᠲᠦᠯᠬᠢᠯᠴᠡᠬᠦ ᠠᠴᠠ ᠪᠣᠯᠣᠭᠠᠳ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠤᠶᠤ ᠮᠠᠭᠤ ᠨᠥᠯᠥᠭᠡ ᠦᠵᠡᠭᠦᠯᠦᠭᠰᠡᠨ ᠪᠣᠯ ᠴᠢᠩᠭ᠎ᠠ ᠬᠠᠷᠢᠭᠤᠴᠠᠯᠭ᠎ᠠ ᠲᠤᠯᠭᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠵᠢᠷᠤᠮᠵᠢᠯ ᠲᠠᠢ ᠪᠦᠲᠦᠮᠵᠢᠲᠡᠶ ᠠᠬᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号