ᠥᠪᠥᠷ ᠵᠠᠰᠠᠭ ᠲᠠᠷᠬᠠᠭᠠᠭᠰᠠᠨ ﹇2017﹈ 15 ᠳ᠋ᠤᠭᠠᠷ ᠲᠤᠭᠠᠳᠤ | 1 ᠳ᠋ᠤᠭᠡᠷ ᠰᠠᠷ᠎ᠠ ᠶᠢᠨ10 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠣᠯᠴᠢ ᠦᠷᠢᠰᠦᠯᠳᠦᠭᠡᠨ ᠤ ᠬᠢᠨᠠᠨ | ᠪᠠᠶᠢᠴᠠᠭᠠᠬᠤ ᠳᠦᠷᠢᠮ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ | ᠲᠠᠷᠬᠠᠭᠠᠭᠰᠠᠨ ﹇2016﹈ 34 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯᠯᠠᠭ᠎ᠠ ᠶᠢ ᠵᠢᠷᠤᠮᠵᠢᠭᠤᠯᠵᠤ᠂ | ᠥᠷᠢᠰᠦᠯᠳᠡᠭᠡᠨ ᠢ ᠠᠷᠢᠯᠭᠠᠬᠤ᠂ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠶᠢ | ᠰᠡᠷᠭᠡᠶᠢᠯᠡᠵᠦ᠂ ᠭᠤᠣᠯᠴᠢ ᠥᠷᠢᠰᠦᠯᠳᠦᠭᠡᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠨ᠂ | ᠮᠠᠨ ᠤ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠶᠢᠨ | ᠲᠣᠰᠠᠳᠠ᠂ ᠡᠳᠦᠭᠡ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠳᠤ ᠭᠤᠣᠯᠴᠢ ᠦᠷᠢᠰᠦᠯᠳᠦᠭᠡᠨ ᠤ | ᠬᠢᠨᠠᠨ ᠪᠠᠶᠢᠴᠠᠭᠠᠬᠤ ᠳᠥᠷᠢᠮ ᠪᠠᠶᠢᠭᠤᠯᠬᠤ ᠪᠠᠷ ᠳᠣᠣᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠶᠡᠷᠦᠩᠬᠡᠢ ᠱᠠᠭᠠᠷᠳᠠᠯᠭ᠎ᠠ ᠪᠠ ᠦᠨᠳᠦᠰᠦᠨ ᠵᠠᠷᠴᠢᠮ | ︵ᠨᠢᠭᠡ︶ ᠶᠡᠷᠦᠩᠭᠡᠢ ᠱᠠᠭᠠᠷᠳᠠᠯᠭ᠎ᠠ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ | ᠪᠠᠶᠢᠭᠤᠯᠬᠤ ᠳᠤ᠂ ᠨᠢᠭᠡᠳᠦᠯᠲᠡᠢ ᠪᠦᠭᠡᠳ ᠴᠢᠯᠦᠭᠡᠲᠡᠢ᠂ ᠦᠷᠢᠰᠦᠯᠳᠦᠭᠡᠨ ᠢᠶᠠᠷ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠱᠠᠭᠠᠷᠳᠠᠯᠭ᠎ᠠ ᠶᠣᠰᠤᠭᠠᠷ᠂ ᠪᠦᠬᠦ ᠣᠷᠣᠨ ᠤ ᠡᠯ᠎ᠡ | ᠱᠠᠲᠤᠨ ᠤ ᠵᠠᠰᠠᠭ ᠤᠨ ᠣᠷᠳᠣᠨ ᠤ ᠠᠵᠢᠯᠯᠠᠭ᠎ᠠ ᠨᠢ ᠭᠤᠣᠯᠴᠢ ᠥᠷᠢᠰᠦᠯᠳᠦᠭᠡᠨ ᠤ ᠱᠠᠭᠠᠷᠳᠠᠯᠭ᠎ᠠ ᠪᠠ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠭᠤᠣᠯᠴᠢ ᠥᠷᠢᠰᠦᠯᠳᠦᠭᠡᠨ ᠤ | ᠡᠮᠬᠢ ᠲᠢᠭᠯᠢᠮ ᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠤᠭᠤᠳ | ᠦᠢᠯᠡᠳᠪᠦᠷᠢᠯᠡᠬᠦ ᠬᠦᠴᠦᠨ ᠵᠦᠢᠯ ᠢ ᠡᠷᠬᠡ ᠳᠡᠭᠰᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ | ᠭᠤᠣᠯᠴᠢ ᠪᠠᠷ ᠣᠷᠣᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠪᠠᠷ ᠬᠦᠷᠲᠡᠬᠦ ᠶᠢ ᠪᠠᠲᠤᠯᠠᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠡᠬᠢ ᠪᠠᠶᠠᠯᠢᠭ ᠲᠣᠬᠢᠷᠠᠭᠤᠯᠬᠤ ᠲᠠᠯ᠎ᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠳᠤ ᠠᠰᠢᠭᠲᠠᠢ ᠪᠠᠶᠢᠯᠭᠠᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠦᠭᠵᠢᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | ᠵᠠᠬ᠎ᠠ ᠳᠡᠯᠭᠡᠭᠦᠷ ᠢ ᠡᠷᠬᠢᠮᠯᠡᠵᠦ᠂ ᠥᠷᠢᠰᠦᠯᠳᠦᠭᠡᠨ ᠢ ᠲᠡᠷᠢᠭᠦᠨ ᠳᠤ ᠪᠠᠶᠢᠯᠭᠠᠬᠤ ᠬᠡᠷᠡᠭᠲᠡᠢ᠃ ᠵᠠᠬ᠎ᠠ | ᠳᠡᠯᠭᠡᠭᠦᠷ ᠤᠨ ᠠᠵᠤ ᠠᠬᠤᠢ ᠶᠢᠨ ᠵᠢᠮ᠎ᠡ ᠶᠣᠰᠤ ᠶᠢ ᠡᠷᠬᠢᠮᠯᠡᠵᠦ᠂ ᠵᠠᠰᠠᠭ ᠤᠨ ᠣᠷᠳᠣᠨ ᠬᠢᠭᠡᠳ ᠵᠠᠬ᠎ᠠ | ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠦᠴᠦᠯᠡᠨ ᠬᠤᠪᠢᠷᠠᠭᠤᠯᠵᠤ᠂ ᠪᠢᠴᠢᠯ ᠠᠵᠤ ᠠᠬᠤᠢ ᠳᠤ ᠨᠥᠯᠥᠭᠡ ᠦᠵᠡᠭᠦᠯᠬᠦ ᠶᠢ ᠬᠠᠮᠤᠭ ᠶᠡᠭᠡ ᠬᠡᠮᠵᠢᠶ᠎ᠡ ᠪᠠᠷ | ᠪᠠᠭᠠᠰᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠣᠯᠴᠢ ᠥᠷᠢᠰᠦᠯᠳᠦᠭᠡᠨ ᠢ ᠠᠬᠢᠭᠤᠯᠬᠤ ᠪᠠ | ᠬᠠᠮᠠᠭᠠᠯᠠᠵᠤ᠂ ᠡᠬᠢ ᠪᠠᠶᠠᠯᠢᠭ ᠢ ᠲᠣᠬᠢᠷᠠᠭᠤᠯᠬᠤ ᠲᠠᠯ᠎ᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷ ᠤᠨ | ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ | ᠪᠦᠬᠦ ᠲᠠᠯ᠎ᠠ ᠳᠤ ᠰᠠᠭᠤᠷᠢᠯᠠᠵᠤ᠂ ᠨᠢᠭᠡᠳᠦᠯᠲᠡᠢ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠬᠡᠷᠡᠭᠲᠡᠢ᠃ | ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠭᠠᠵᠠᠷ ᠣᠷᠣᠨ ᠤ ᠪᠢᠲᠡᠭᠦᠮᠵᠢᠯᠡᠬᠦ ᠪᠠ | ᠠᠵᠢᠯ ᠲᠦᠷᠦᠯ ᠤᠨ ᠭᠠᠭᠴᠠᠭᠠᠷ ᠡᠵᠡᠮᠰᠢᠯ ᠢ ᠬᠦᠴᠦᠯᠡᠨ ᠡᠪᠳᠡᠵᠦ᠂ ᠵᠠᠬ᠎ᠠ ᠳᠡᠯᠭᠡᠭᠦᠷ ᠤᠨ ᠬᠤᠷᠢᠭ᠎ᠠ ᠴᠠᠷᠠᠭ᠎ᠠ ᠶᠢ | ᠠᠷᠢᠯᠭᠠᠵᠤ᠂ ᠲᠠᠸᠠᠷ ᠪᠠ ᠴᠢᠬᠤᠯᠠ ᠵᠦᠢᠯ ᠤᠨ ᠴᠢᠯᠦᠭᠡᠲᠡᠢ ᠭᠥᠢᠯᠭᠡᠭᠡᠨ ᠢ ᠠᠬᠢᠭᠤᠯᠬᠤ ᠬᠡᠷᠡᠭᠲᠡᠢ᠃ ᠤᠯᠤᠰ ᠤᠨ | ᠠᠰᠢᠭ ᠲᠤᠰᠠ ᠪᠠ ᠠᠵᠤ ᠠᠬᠤᠢ ᠶᠢᠨ ᠠᠮᠤᠷ ᠲᠦᠪᠰᠢᠨ᠂ ᠣᠷᠣᠨ ᠪᠦᠰᠡ ᠶᠢᠨ ᠵᠣᠬᠢᠴᠠᠭᠤᠯᠤᠨ ᠬᠦᠭᠵᠢᠬᠦ ᠪᠠ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠡᠷᠭᠡ ᠣᠯᠠᠨ ᠲᠠᠯ᠎ᠠ ᠶᠢᠨ ᠬᠠᠷᠠᠯᠲᠠ ᠶᠢᠨ | ᠬᠡᠷᠡᠭᠴᠡᠭᠡ ᠶᠢ ᠨᠢᠭᠡᠳᠦᠯᠲᠡᠢ ᠲᠦᠯᠦᠪᠯᠡᠨ ᠪᠣᠳᠣᠯᠬᠢᠯᠠᠵᠤ᠂ ᠳᠦᠷᠢᠮ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ | ᠠᠬᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠠᠯᠬᠤᠮ ᠬᠤᠪᠢᠶᠠᠨ ᠬᠡᠷᠡᠭᠵᠢᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠠᠴᠠ ᠭᠠᠷᠳᠠᠬᠤ ᠶᠢ ᠪᠠᠷᠢᠮᠲᠠᠯᠠᠵᠤ᠂ ᠪᠣᠳᠠᠲᠠᠢ ᠬᠡᠷᠡᠭᠵᠢᠭᠦᠯᠵᠦ | ᠪᠣᠯᠬᠤᠶᠢᠴᠠ ᠲᠦᠰᠦᠯ ᠢ ᠰᠣᠳᠣᠯᠣᠨ ᠲᠣᠭᠲᠠᠭᠠᠬᠤ ᠬᠡᠷᠡᠭᠲᠡᠢ︔ ᠬᠠᠭᠤᠴᠢᠨ ᠢ ᠨᠢ ᠬᠦᠴᠦᠨ ᠦᠭᠡᠢ ᠪᠣᠯᠭᠠᠵᠤ | ᠰᠢᠨ᠎ᠡ ᠪᠠᠷ ᠪᠠᠶᠢᠭᠤᠯᠬᠤ ᠶᠢ ᠤᠶᠠᠯᠳᠤᠭᠤᠯᠵᠤ᠂ ᠨᠡᠮᠡᠭᠳᠡᠬᠦ ᠲᠥᠷᠥ ᠶᠢᠨ ᠪᠣᠳᠣᠯᠭ᠎ᠠ ᠶᠢ ᠵᠢᠷᠤᠮᠵᠢᠭᠤᠯᠬᠤ ᠶᠢᠨ ᠬᠠᠮᠳᠤ᠂ | ᠳᠥᠷᠦᠯ ᠬᠤᠪᠢᠶᠠᠨ ᠰᠢᠢᠳᠪᠦᠷᠢᠯᠡᠬᠦ᠂ ᠦᠩᠭᠡᠷᠡᠭᠰᠡᠨ ᠢᠶᠠᠷ ᠦᠵᠡᠵᠦ ᠤᠬᠤᠴᠢᠯᠠᠬᠤ ᠦᠭᠡᠢ᠂ ᠪᠦᠬᠦ ᠤᠯᠤᠰ ᠤᠨ | ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠦᠯᠡᠳᠡᠭᠳᠡᠵᠦ ᠪᠠᠶᠢᠭ᠎ᠠ ᠲᠥᠷᠥ ᠶᠢᠨ | ᠪᠣᠳᠣᠯᠭ᠎ᠠ ᠶᠢ ᠠᠯᠬᠤᠮ ᠠᠯᠬᠤᠮ ᠢᠶᠠᠷ ᠢᠯᠭᠠᠷᠠᠭᠤᠯᠤᠨ ᠬᠦᠴᠦᠨ ᠦᠭᠡᠢ ᠪᠣᠯᠭᠠᠬᠤ ᠬᠡᠷᠡᠭᠲᠡᠢ︔ ᠠᠯᠤᠰ | ᠢᠷᠡᠭᠡᠳᠦᠢ ᠳᠤ ᠬᠠᠨᠳᠤᠭᠤᠯᠵᠤ᠂ ᠪᠦᠬᠦᠯᠢ ᠴᠣᠭᠴᠠ ᠶᠢᠨ ᠲᠦᠯᠦᠪᠵᠢᠭᠦᠯᠭᠡ ᠪᠠᠨ ᠰᠠᠶᠢᠲᠤᠷ ᠬᠢᠵᠦ᠂ | ᠦᠢᠯᠡᠳᠦᠯᠭᠡ ᠶᠢᠨ ᠳᠤᠮᠳᠠ ᠱᠠᠲᠤ ᠦᠶ᠎ᠡ ᠬᠤᠪᠢᠶᠠᠵᠤ᠂ ᠠᠯᠬᠤᠮ ᠬᠤᠪᠢᠶᠠᠵᠤ ᠪᠠᠶᠢᠭᠠᠳ ᠠᠬᠢᠭᠤᠯᠬᠤ ᠪᠠ | ᠲᠡᠭᠦᠯᠳᠡᠷᠵᠢᠭᠦᠯᠬᠦ ᠬᠡᠷᠡᠭᠲᠡᠢ᠃ | ᠬᠠᠤᠯᠢ ᠶᠣᠰᠤᠭᠠᠷ ᠬᠢᠨᠠᠨ ᠪᠠᠶᠢᠴᠠᠭᠠᠵᠤ᠂ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ᠃ ᠣᠳᠣ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠰᠢᠰᠲ᠋ᠧᠮᠵᠢ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠪᠠᠶᠢᠭᠤᠯᠤᠯ ᠯᠤᠭ᠎ᠠ ᠶᠢᠨ ᠵᠣᠯᠭᠠᠭᠤᠯᠬᠤ ᠶᠢ ᠴᠢᠩᠭᠠᠳᠬᠠᠵᠤ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠲᠠᠯ᠎ᠠ ᠶᠢᠨ ᠡᠷᠬᠡ ᠬᠦᠨᠳᠦ ᠪᠠ ᠬᠦᠴᠦᠨ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠴᠢ ᠥᠷᠢᠰᠥᠯᠳᠦᠭᠡᠨ ᠤ | ᠬᠢᠨᠠᠨ ᠪᠠᠶᠢᠴᠠᠭᠠᠬᠤ ᠳᠠᠬᠢ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷ ᠤᠨ ᠬᠢᠨᠠᠨ | ᠪᠠᠶᠢᠴᠠᠭᠠᠯᠲᠠ ᠪᠠ ᠭᠠᠳᠠᠨᠠᠬᠢ ᠬᠢᠨᠠᠯᠲᠠ ᠲᠠᠯᠪᠢᠯᠲᠠ ᠶᠢ ᠤᠶᠠᠯᠳᠤᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠠ | ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ | ᠬᠡᠷᠡᠭᠯᠡᠵᠦ ᠥᠷᠢᠰᠥᠯᠳᠦᠬᠦ ᠠᠵᠢᠯᠯᠠᠭ᠎ᠠ ᠶᠢ ᠠᠷᠢᠯᠭᠠᠬᠤ ᠪᠠ ᠬᠢᠵᠠᠭᠠᠷᠯᠠᠬᠤ ᠶᠢ ᠨᠢ ᠴᠠᠭ ᠲᠤᠬᠠᠢ ᠳᠤᠨᠢ ᠵᠠᠯᠠᠷᠠᠭᠤᠯᠬᠤ | ᠬᠡᠷᠡᠭᠲᠡᠢ᠃ | ᠬᠤᠶᠠᠷ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠥᠷᠢᠮ ᠤᠨ ᠠᠭᠤᠯᠭ᠎ᠠ ᠶᠢ ᠲᠣᠳᠣᠷᠬᠠᠶᠢᠯᠠᠬᠤ | ᠬᠡᠷᠡᠭᠲᠡᠢ | ︵ᠨᠢᠭᠡ︶ ᠬᠢᠨᠠᠨ ᠪᠠᠶᠢᠴᠠᠭᠠᠬᠤ ᠬᠦᠷᠢᠶ᠎ᠡ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠠᠵᠢᠯ ᠬᠡᠷᠡᠭ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ︵ᠳᠣᠷᠣᠭᠰᠢ ᠪᠠᠨ | ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠭᠡᠵᠦ ᠶᠡᠷᠦᠩᠬᠡᠶᠢᠯᠠᠨ ᠨᠡᠷᠡᠶᠢᠳᠦᠨ᠎ᠡ︶ ᠠᠴᠠ ᠵᠠᠬ᠎ᠠ | ᠳᠡᠯᠭᠡᠭᠦᠷ ᠲᠤ ᠵᠦᠪᠰᠢᠶᠡᠷᠡᠨ ᠣᠷᠣᠬᠤ᠂ ᠠᠵᠤ ᠦᠢᠯᠡᠰ ᠤᠨ ᠬᠦᠭᠵᠢᠬᠦ᠂ ᠬᠤᠳᠠᠯᠳᠤᠭᠠᠴᠢᠨ ᠤᠷᠢᠵᠤ ᠪᠡᠯᠡ | ᠣᠷᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠲᠥᠷᠢᠮ | ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠪᠣᠰᠣᠳ ᠲᠦᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ︵ᠳᠣᠷᠣᠭᠰᠢ ᠪᠠᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠢᠴᠢᠭ ᠮᠠᠲ᠋ᠧᠷᠢᠶᠠᠯ ᠭᠡᠵᠦ ᠶᠡᠷᠦᠩᠬᠡᠶᠢᠯᠠᠨ ᠨᠡᠷᠡᠶᠢᠳᠦᠨ᠎ᠡ︶ ᠢ ᠲᠣᠭᠲᠠᠭᠠᠬᠤ ᠳᠤ᠂ ᠭᠤᠣᠯᠴᠢ | ᠥᠷᠢᠰᠥᠯᠳᠥᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ︵ᠬᠤᠶᠠᠷ︶ ᠬᠢᠨᠠᠨ ᠪᠠᠶᠢᠴᠠᠭᠠᠯᠲᠠ ᠶᠢᠨ ᠭᠤᠣᠯ ᠴᠣᠭᠴᠠ᠃ ᠡᠯ᠎ᠡ ᠱᠠᠲᠣᠨ ᠤ ᠠᠷᠠᠳ ᠤᠨ ᠵᠠᠰᠠᠭ ᠤᠨ | ᠣᠷᠳᠣᠨ ᠪᠣᠶᠤ ᠵᠠᠰᠠᠭ ᠤᠨ ᠣᠷᠳᠣᠨ ᠤ ᠠᠯᠪᠠᠨ ᠲᠢᠩᠬᠢᠮ ︵ᠠᠯᠪᠠᠨ ᠭᠡᠷ︶ ᠤᠨ ᠨᠡᠷ᠎ᠡ ᠪᠠᠷ ᠳᠠᠷᠤᠮᠠᠯᠯᠠᠨ | ᠶᠠᠪᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢᠨ ᠪᠢᠴᠢᠭ ᠮᠠᠲ᠋ᠧᠷᠢᠶᠠᠯᠢ ᠪᠣᠯ᠂ ᠲᠣᠭᠤᠷᠪᠢᠨ | ᠪᠢᠴᠢᠭᠰᠡᠨ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠤᠨ | ᠨᠡᠷ᠎ᠡ ᠪᠠᠷ ᠳᠠᠷᠤᠮᠠᠯᠯᠠᠨ ᠶᠠᠪᠤᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠪᠤᠯ | ᠂ ᠲᠤᠬᠳᠠᠭᠠᠬᠰᠠᠨ ᠰᠠᠯᠠᠭ᠎ᠠ ᠮᠦᠴᠢᠷ ᠠᠴᠠ ᠦᠪᠡᠰᠦᠪᠠᠨ ᠬᠢᠨᠠᠨ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠢ᠃ ᠣᠯᠠᠨ | ᠰᠠᠯᠠᠭ᠎ᠠ ᠮᠦᠴᠢᠷ ᠤᠳ ᠤᠨ ᠨᠡᠷ᠎ᠡ ᠪᠠᠷ ᠬᠤᠯᠪᠣᠭᠠᠯᠠᠨ ᠳᠠᠷᠤᠮᠠᠯᠯᠠᠵᠤ ᠶᠠᠪᠤᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠪᠣᠯ᠂ ᠲᠦᠷᠦᠭᠦᠯᠡᠨ ᠬᠢᠬᠦ ᠰᠠᠯᠠᠭ᠎ᠠ ᠮᠦᠴᠢᠷ ᠠᠴᠠ ᠬᠢᠨᠠᠨ | ᠪᠠᠶᠢᠴᠠᠭᠠᠬᠤ ᠶᠢ ᠬᠠᠷᠢᠭᠤᠴᠠᠵᠤ᠂ ᠪᠣᠰᠣᠳ ᠰᠠᠯᠠᠭ᠎ᠠ ᠮᠦᠴᠢᠷ ᠤᠳ ᠬᠠᠮᠵᠢᠯᠴᠠᠬᠤ ᠬᠡᠷᠡᠭᠲᠡᠢ᠃ | ︵ᠭᠤᠷᠪᠠ︶ ᠬᠢᠨᠠᠨ ᠪᠠᠶᠢᠴᠠᠭᠠᠬᠤ ᠠᠷᠭ᠎ᠠ ᠬᠡᠯᠪᠡᠷᠢ᠃ ᠲᠥᠷᠥ ᠶᠢᠨ ᠪᠣᠳᠣᠯᠭ᠎ᠠ ᠲᠣᠭᠲᠠᠭᠠᠬᠤ | ᠪᠠᠶᠢᠭᠤᠯᠭ᠎ᠠ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠲᠣᠭᠲᠠᠭᠠᠬᠤ ᠶᠠᠪᠤᠴᠠ ᠳᠤ᠂ ᠬᠢᠨᠠᠨ ᠪᠠᠶᠢᠴᠠᠭᠠᠬᠤ | ᠪᠠᠷᠢᠮᠵᠢᠶ᠎ᠠ ᠶᠣᠰᠣᠭᠠᠷ ᠥᠪᠡᠷ ᠤᠨ ᠬᠢᠨᠠᠨ ᠪᠠᠶᠢᠴᠠᠭᠠᠯᠲᠠ ᠪᠠᠨ ᠴᠢᠩᠭ᠎ᠠ ᠬᠢᠬᠦ ᠬᠡᠷᠡᠭᠲᠡᠢ᠃ ᠬᠢᠨᠠᠨ ᠪᠠᠶᠢᠴᠠᠭᠠᠯᠲᠠ ᠪᠠᠷ | ᠳᠠᠮᠵᠢᠵᠤ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠦᠭᠡᠢ ᠬᠡᠮᠡᠨ ᠦᠵᠡᠭᠰᠡᠨ ᠪᠠᠶᠢᠪᠠᠯ᠂ | ᠬᠡᠷᠡᠭᠵᠢᠭᠦᠯᠵᠦ ᠪᠣᠯᠣᠨ᠎ᠠ︔ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠲᠠᠢ ᠪᠠᠶᠢᠪᠠᠯ᠂ | ᠨᠡᠶᠢᠲᠡᠯᠡᠵᠦ ᠪᠣᠯᠬᠤ ᠦᠭᠡᠢ᠂ ᠡᠰᠡᠭᠦᠯ᠎ᠡ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠦᠯᠵᠦ ᠲᠣᠬᠢᠷᠠᠭᠤᠯᠤᠭᠰᠠᠨ ᠤ | ᠳᠠᠷᠠᠭ᠎ᠠ ᠨᠡᠶᠢᠲᠡᠯᠡᠵᠦ ᠪᠣᠯᠣᠨ᠎ᠠ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠣᠯ᠂ | ᠨᠡᠶᠢᠲᠡᠯᠡᠵᠦ ᠪᠣᠯᠬᠤ ᠦᠭᠡᠢ᠃ ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠥᠪᠡᠷ ᠤᠨ ᠬᠢᠨᠠᠨ | ᠪᠠᠶᠢᠴᠠᠭᠠᠯᠲᠠ ᠬᠢᠬᠦ ᠶᠠᠪᠤᠴᠠ ᠳᠤ᠂ ᠴᠢᠬᠤᠯᠠ ᠲᠠᠢ ᠭᠡᠵᠦ ᠦᠵᠡᠭᠰᠡᠨ ᠪᠣᠯ᠂ ᠡᠷᠬᠡᠪᠰᠢ ᠠᠳᠠᠯᠢ ᠱᠠᠲᠤᠨ ᠤ | ᠬᠦᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠬᠤᠳᠠᠯᠳᠤᠭ᠎ᠠ᠂ ᠬᠤᠳᠠᠯᠳᠤᠭᠠᠨ ᠤ ᠶᠠᠪᠤᠳᠠᠯ᠂ ᠬᠠᠤᠯᠢ | ᠳᠦᠷᠢᠮ ᠤᠨ ᠰᠠᠯᠠᠭ᠎ᠠ ᠮᠦᠴᠢᠷ ᠤᠳ ᠤᠨ ᠰᠠᠨᠠᠯ ᠢ ᠠᠪᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠢᠴᠢᠭ ᠮᠠᠲ᠋ᠧᠷᠢᠶᠠᠯ ᠲᠣᠭᠲᠠᠭᠠᠬᠤ ᠵᠢᠴᠢ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ | ᠦᠷᠨᠢᠭᠦᠯᠬᠦ ᠳᠤ ᠠᠰᠢᠭ ᠬᠤᠣᠷ ᠤᠨ ᠬᠠᠷᠢᠴᠠᠭ᠎ᠠ ᠲᠠᠢ ᠬᠦᠮᠦᠰ ᠤᠨ ᠰᠠᠨᠠᠯ ᠢ ᠰᠣᠨᠣᠰᠬᠤ ᠬᠡᠷᠡᠭᠲᠡᠢ᠂ ᠡᠰᠡᠭᠦᠯ᠎ᠡ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠳᠥᠷᠢᠮ | ᠲᠣᠭᠲᠠᠭᠠᠯ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠭᠡᠷᠡᠴᠢᠯᠡᠭᠡ | ᠰᠣᠨᠣᠰᠬᠤ ᠶᠢ ᠵᠣᠬᠢᠶᠠᠨ ᠪᠠᠶᠢᠭᠤᠯᠬᠤ ᠬᠡᠷᠡᠭᠲᠡᠢ ᠪᠣᠯ᠂ ᠭᠡᠷᠡᠴᠢᠯᠡᠭᠡ ᠰᠣᠨᠣᠰᠬᠤ ᠳᠤ ᠭᠤᠣᠯᠴᠢ ᠥᠷᠢᠰᠦᠯᠳᠦᠭᠡᠨ ᠤ | ᠬᠢᠨᠠᠨ ᠪᠠᠶᠢᠴᠠᠭᠠᠬᠤ ᠠᠭᠤᠯᠭ᠎ᠠ ᠨᠡᠮᠡᠵᠦ ᠣᠷᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠦᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠤ ᠳᠠᠷᠠᠭ᠎ᠠ᠂ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠥᠷᠢᠮ︾ ᠤᠨ ᠱᠠᠭᠠᠷᠳᠠᠯᠭ᠎ᠠ ᠶᠣᠰᠤᠭᠠᠷ | ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | ︵ᠳᠥᠷᠪᠡ︶ ᠬᠢᠨᠠᠨ ᠪᠠᠶᠢᠴᠠᠭᠠᠯᠲᠠ ᠶᠢᠨ ᠪᠠᠷᠢᠮᠵᠢᠶ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠳ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠮᠠᠭᠠᠯᠠᠬᠤ | ᠲᠠᠯ᠎ᠠ ᠠᠴᠠ ᠳᠣᠣᠷᠠᠬᠢ ᠪᠠᠷᠢᠮᠵᠢᠶ᠎ᠠ ᠶᠣᠰᠤᠭᠠᠷ ᠬᠢᠨᠠᠨ ᠪᠠᠶᠢᠴᠠᠭᠠᠯᠲᠠ ᠬᠢᠬᠦ ᠬᠡᠷᠡᠭᠲᠡᠢ᠄ | 1. ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ ᠪᠠ ᠪᠤᠴᠠᠭᠠᠨ ᠭᠠᠷᠭᠠᠬᠤ ᠪᠠᠷᠢᠮᠵᠢᠶ᠎ᠠ᠃ | ︵1︶ ᠵᠦᠢ ᠵᠣᠬᠢᠰ ᠦᠭᠡᠢ ᠪᠠ ᠭᠠᠳᠠᠭᠤᠷᠴᠢᠯᠠᠬᠤ ᠴᠢᠨᠠᠷᠲᠠᠢ ᠵᠦᠪᠰᠢᠶᠡᠷᠡᠨ ᠣᠷᠣᠬᠤ ᠪᠠ ᠪᠤᠴᠠᠭᠠᠨ | ᠭᠠᠷᠭᠠᠬᠤ ᠨᠦᠬᠦᠴᠡᠯ ᠪᠠᠶᠢᠷᠢᠯᠠᠭᠤᠯᠵᠤ ᠪᠣᠯᠬᠤ ᠦᠭᠡᠢ︔ | ︵2︶ ᠣᠨᠴᠠ ᠵᠦᠪᠰᠢᠶᠡᠷᠡᠯ ᠲᠠᠢ ᠡᠵᠡᠩᠨᠡᠯᠲᠡ ᠶᠢᠨ ᠡᠷᠬᠡ ᠶᠢᠨ ᠭᠠᠷᠴᠠᠭ ᠤᠨ ᠨᠠᠷᠢᠨ ᠬᠠᠭᠤᠳᠠᠰᠤ ᠶᠢ | ᠢᠯᠡ ᠨᠡᠶᠢᠲᠡᠯᠡᠬᠦ ᠳᠤ᠂ ᠭᠤᠣᠯᠴᠢ ᠥᠷᠢᠰᠦᠯᠳᠦᠭᠡᠨ ᠢᠶᠠᠷ ᠳᠠᠮᠵᠢᠭᠰᠠᠨ ᠦᠭᠡᠢ ᠪᠣᠯ᠂ ᠡᠵᠡᠩᠨᠡᠭᠴᠢᠳ ᠲᠤ ᠣᠨᠴᠠ | ᠵᠦᠪᠰᠢᠶᠡᠷᠡᠯ ᠲᠠᠢ ᠡᠵᠡᠩᠨᠡᠯᠲᠡ ᠶᠢᠨ ᠡᠷᠬᠡ ᠣᠯᠭᠤᠵᠤ ᠪᠣᠯᠬᠤ ᠦᠭᠡᠢ︔ | ︵3︶ ᠤᠨᠴᠤᠭᠤᠢ ᠲᠣᠭᠲᠠᠭᠠᠭᠰᠠᠨ ᠡᠵᠡᠩᠨᠡᠭᠴᠢᠳ ᠤᠨ ᠬᠠᠩᠭᠠᠭᠰᠠᠨ ᠲᠠᠸᠠᠷ ᠪᠣᠯᠣᠨ ᠦᠢᠯᠡᠴᠢᠯᠡᠭᠡ ᠳᠤ | ᠡᠵᠡᠩᠨᠡᠬᠦ᠂ ᠬᠤᠳᠠᠯᠳᠤᠨ ᠠᠪᠬᠤ᠂ ᠬᠡᠷᠡᠭᠯᠡᠬᠦ ᠶᠢ ᠬᠢᠵᠠᠭᠠᠷᠯᠠᠵᠤ ᠪᠣᠯᠬᠤ ᠦᠭᠡᠢ︔ | ︵4︶ ᠬᠠᠤᠯᠢ ᠴᠠᠭᠠᠵᠠ ᠬᠠᠤᠯᠢ ᠲᠣᠭᠳᠠᠭᠠᠯ ᠤᠨ ᠦᠨᠳᠦᠰᠦᠯᠡᠯ ᠦᠭᠡᠢ ᠪᠤᠯ ᠬᠢᠨᠠᠨ ᠵᠦᠪᠰᠢᠶᠡᠷᠡᠬᠦ ᠪᠣᠶᠤ | ᠠᠵᠢᠯ ᠬᠡᠷᠡᠭ ᠤᠨ ᠡᠮᠦᠨ᠎ᠡ ᠪᠦᠷᠢᠳᠭᠡᠨ ᠳᠠᠩᠰᠠᠯᠠᠬᠤ ᠶᠢᠨ ᠵᠢᠷᠤᠮ ᠢ ᠪᠠᠶᠢᠭᠤᠯᠵᠤ ᠪᠣᠯᠬᠤ ᠦᠭᠡᠢ︔ | ︵5︶ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠬᠤ ᠶᠢᠨ ᠠᠯᠳᠠᠭᠳᠠᠯᠲᠠᠢ ᠵᠦᠢᠯᠡᠰ ᠤᠨ ᠨᠠᠷᠢᠨ | ᠬᠠᠭᠤᠳᠠᠰᠤ ᠲᠠᠢ ᠠᠴᠠ ᠪᠣᠰᠣᠳ ᠠᠵᠢᠯ ᠲᠥᠷᠥᠯ᠂ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠵᠡᠷᠭᠡ ᠳᠤ ᠬᠢᠨᠠᠨ | ᠵᠦᠪᠰᠢᠶᠡᠷᠡᠬᠦ ᠵᠢᠷᠤᠮ ᠪᠠᠶᠢᠭᠤᠯᠵᠤ ᠪᠣᠯᠬᠤ ᠦᠭᠡᠢ᠃ | 2. ᠲᠠᠸᠠᠷ ᠪᠠ ᠴᠢᠬᠤᠯᠠ ᠵᠦᠢᠯ ᠤᠨ ᠴᠢᠯᠦᠭᠡᠲᠡᠢ ᠭᠦᠢᠯᠭᠡᠭᠡᠨ ᠤ ᠪᠠᠷᠢᠮᠵᠢᠶ᠎ᠠ᠃ | ︵1︶ ᠭᠠᠳᠠᠷ ᠣᠷᠣᠨ ᠪᠠ ᠭᠠᠳᠠᠭᠠᠳᠤ ᠠᠴᠠ ᠣᠷᠤᠭᠤᠯᠬᠤ ᠲᠠᠸᠠᠷ᠂ ᠦᠢᠯᠡᠴᠢᠯᠡᠭᠡ ᠳᠤ ᠭᠠᠳᠠᠭᠤᠷᠴᠢᠯᠠᠬᠤ | ᠴᠢᠨᠠᠷᠲᠠᠢ ᠦᠨ᠎ᠡ ᠬᠠᠩᠰᠢ ᠪᠠ ᠭᠠᠳᠠᠭᠤᠷᠴᠢᠯᠠᠬᠤ ᠴᠢᠨᠠᠷᠲᠠᠢ ᠨᠡᠮᠡᠭᠦᠷᠢ ᠶᠢᠨ ᠲᠥᠷᠥ ᠶᠢᠨ ᠪᠣᠳᠣᠯᠭ᠎ᠠ ᠬᠡᠷᠡᠭᠵᠢᠭᠦᠯᠵᠦ | ᠪᠣᠯᠬᠤ ᠦᠭᠡᠢ︔ | ︵2︶ ᠭᠠᠳᠠᠷ ᠣᠷᠣᠨ ᠪᠠ ᠭᠠᠳᠠᠭᠠᠳᠤ ᠠᠴᠠ ᠣᠷᠤᠭᠤᠯᠬᠤ ᠲᠠᠸᠠᠷ᠂ ᠦᠢᠯᠡᠴᠢᠯᠡᠭᠡ ᠶᠢ ᠲᠣᠰ ᠭᠠᠵᠠᠷ ᠤᠨ | ᠵᠠᠬ᠎ᠠ ᠳᠡᠯᠭᠡᠭᠦᠷ ᠲᠤ ᠣᠷᠤᠵᠤ ᠢᠷᠡᠬᠦ ᠶᠢ ᠨᠢ ᠬᠢᠵᠠᠭᠠᠷᠯᠠᠬᠤ ᠪᠣᠶᠤ ᠲᠣᠰ ᠭᠠᠵᠠᠷ ᠤᠨ ᠲᠠᠸᠠᠷ ᠢ ᠭᠠᠳᠠᠭᠰᠢ | ᠲᠡᠭᠡᠭᠡᠪᠦᠷᠢᠯᠡᠬᠦ᠂ ᠦᠢᠯᠡᠴᠢᠯᠡᠭᠡ ᠶᠢ ᠭᠠᠳᠠᠭᠰᠢ ᠭᠠᠷᠭᠠᠬᠤ ᠶᠢ ᠨᠢ ᠬᠠᠷᠰᠢᠯᠠᠵᠤ ᠪᠣᠯᠬᠤ ᠦᠭᠡᠢ︔ | ︵3︶ ᠭᠠᠳᠠᠷ ᠣᠷᠣᠨ ᠤ ᠡᠵᠡᠩᠨᠡᠭᠴᠢᠳ ᠤᠨ ᠲᠣᠰ ᠭᠠᠵᠠᠷ ᠣᠷᠣᠨ ᠳᠤ ᠳᠠᠭᠠᠭᠠᠴᠢᠯᠠᠯᠲᠠ ᠵᠠᠷᠯᠠᠬᠤ ᠪᠠ | ᠬᠦᠯᠢᠶᠡᠬᠦ ᠠᠵᠢᠯᠯᠠᠭ᠎ᠠ ᠳᠤ ᠣᠷᠣᠯᠴᠠᠬᠤ ᠶᠢ ᠠᠳᠠᠯᠠᠬᠤ ᠪᠣᠶᠤ ᠬᠢᠵᠠᠭᠠᠷᠯᠠᠵᠤ ᠪᠣᠯᠬᠤ ᠦᠭᠡᠢ︔ | ︵4︶ ᠭᠠᠳᠠᠷ ᠣᠷᠣᠨ ᠤ ᠡᠵᠡᠩᠨᠡᠭᠴᠢᠳ ᠤᠨ ᠲᠣᠰ ᠭᠠᠵᠠᠷ ᠣᠷᠣᠨ ᠳᠤ ᠪᠡᠯᠡ ᠣᠷᠤᠭᠤᠯᠬᠤ ᠪᠣᠶᠤ | ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠳᠠᠯᠠᠬᠤ᠂ ᠬᠢᠵᠠᠭᠠᠷᠯᠠᠬᠤ ᠪᠣᠶᠤ ᠠᠯᠪᠠᠳᠠᠵᠤ ᠪᠣᠯᠬᠤ | ᠦᠭᠡᠢ︔ | ︵5︶ ᠭᠠᠳᠠᠷ ᠣᠷᠣᠨ ᠤ ᠡᠵᠡᠩᠨᠡᠭᠴᠢᠳ ᠤᠨ ᠲᠣᠰ ᠣᠷᠣᠨ ᠳᠤ ᠪᠡᠯᠡ ᠣᠷᠤᠭᠤᠯᠬᠤ ᠪᠣᠶᠤ | ᠪᠠᠶᠢᠭᠤᠯᠤᠭᠰᠠᠨ ᠬᠤᠪᠢᠶᠠᠷᠢ ᠰᠠᠯᠪᠤᠷᠢ ᠪᠠᠶᠢᠭᠤᠯᠤᠮᠵᠢ ᠳᠤ ᠭᠠᠳᠠᠭᠤᠷᠴᠢᠯᠠᠬᠤ ᠴᠢᠨᠠᠷᠲᠠᠢ ᠬᠠᠷᠠᠭᠠᠯᠵᠠᠯ ᠬᠡᠷᠡᠭᠵᠢᠭᠦᠯᠵᠦ᠂ | ᠲᠡᠳᠡᠨ ᠤ ᠬᠠᠤᠯᠢ ᠶᠣᠰᠣᠨ ᠤ ᠡᠷᠬᠡ ᠠᠰᠢᠭ ᠲᠤᠨᠢ ᠬᠠᠯᠳᠠᠵᠤ ᠪᠣᠯᠬᠤ ᠦᠭᠡᠢ᠃ | 3. ᠦᠢᠯᠡᠳᠪᠦᠷᠢᠯᠡᠵᠦ ᠡᠵᠡᠩᠨᠡᠬᠦ ᠥᠪᠡᠷ ᠤᠨ ᠥᠷᠲᠡᠭ ᠢ ᠨᠥᠯᠦᠭᠡᠯᠡᠬᠦ ᠪᠠᠷᠢᠮᠵᠢᠶ᠎ᠠ᠃ | ︵1︶ ᠣᠨᠴᠣᠭᠤᠢ ᠲᠣᠭᠲᠠᠭᠠᠭᠰᠠᠨ ᠡᠵᠡᠩᠨᠡᠭᠴᠢᠳ ᠲᠤ ᠬᠠᠤᠯᠢ ᠠᠴᠠ ᠵᠦᠷᠢᠴᠡᠵᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠣᠯᠭᠤᠵᠤ ᠪᠣᠯᠬᠤ ᠦᠭᠡᠢ︔ | ︵2︶ ᠡᠳ᠋ ᠤᠨ ᠵᠠᠰᠠᠭ ᠤᠨ ᠵᠠᠷᠤᠯᠭ᠎ᠠ ᠲᠣᠬᠢᠷᠠᠭᠤᠯᠵᠤ ᠪᠠᠶᠢᠭᠠᠳ ᠡᠩ ᠤᠨ ᠪᠠᠶᠢᠳᠠᠯ ᠳᠤ ᠠᠵᠤ | ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠣᠷᠣᠯᠭ᠎ᠠ ᠪᠣᠶᠤ ᠭᠠᠶᠢᠯᠢ ᠶᠢᠨ ᠪᠣᠰᠤ ᠣᠷᠣᠯᠭ᠎ᠠ ᠲᠠᠢ | ᠬᠤᠯᠪᠣᠭᠳᠠᠭᠤᠯᠵᠤ ᠪᠣᠯᠬᠤ ᠦᠭᠡᠢ︔ | ︵3︶ ᠣᠨᠴᠣᠭᠤᠢ ᠲᠣᠭᠲᠠᠭᠠᠭᠰᠠᠨ ᠡᠵᠡᠩᠨᠡᠭᠴᠢᠳ ᠤᠨ ᠲᠣᠰᠢᠶᠠᠬᠤ ᠴᠢᠬᠤᠯᠠᠲᠠᠢ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠬᠠᠤᠯᠢ ᠠᠴᠠ ᠵᠦᠷᠢᠴᠡᠨ ᠬᠡᠯᠲᠦᠷᠢᠭᠦᠯᠵᠦ ᠪᠣᠯᠬᠤ ᠦᠭᠡᠢ︔ | ︵4︶ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨ᠎ᠠ᠂ ᠡᠵᠡᠩᠨᠡᠭᠴᠢᠳ ᠲᠤ ᠡᠯ᠎ᠡ ᠲᠥᠷᠥᠯ ᠤᠨ | ᠪᠠᠲᠤᠯᠠᠭ᠎ᠠ ᠶᠢᠨ ᠮᠦᠩᠭᠦ ᠬᠠᠩᠭᠠᠬᠤ ᠶᠢ ᠱᠠᠭᠠᠷᠳᠠᠬᠤ ᠪᠣᠶᠤ ᠲᠡᠭᠦᠨ ᠢ ᠨᠢ ᠰᠠᠭᠤᠯᠭᠠᠨ ᠠᠪᠴᠤ ᠪᠣᠯᠬᠤ ᠦᠭᠡᠢ᠃ | 4. ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠨᠥᠯᠦᠭᠡᠯᠡᠬᠦ ᠪᠠᠷᠢᠮᠵᠢᠶ᠎ᠠ᠃ | ︵1︶ ᠡᠵᠡᠩᠨᠡᠭᠴᠢᠳ ᠢ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ | ᠡᠰᠡᠷᠭᠦᠴᠡᠬᠦ ᠬᠠᠤᠯᠢ︾ ᠳᠤ ᠲᠣᠭᠲᠠᠭᠠᠭᠰᠠᠨ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠲᠠᠢ ᠠᠵᠢᠯ ᠬᠢᠯᠭᠡᠬᠦ ᠪᠠᠷ | ᠠᠯᠪᠠᠳᠠᠵᠤ ᠪᠣᠯᠬᠤ ᠦᠭᠡᠢ︔ | ︵2︶ ᠦᠢᠯᠡᠳᠪᠦᠷᠢᠯᠡᠵᠦ ᠡᠵᠡᠩᠨᠡᠬᠦ ᠶᠢᠨ ᠰᠡᠷᠭᠡᠭ ᠮᠡᠳᠡᠭᠡ ᠵᠠᠩᠭᠢ ᠶᠢ ᠬᠠᠤᠯᠢ ᠠᠴᠠ ᠵᠦᠷᠢᠴᠡᠵᠦ | ᠨᠡᠶᠢᠲᠡᠯᠡᠭᠦᠯᠬᠦ ᠪᠣᠶᠤ ᠡᠵᠡᠩᠨᠡᠭᠴᠢᠳ ᠢ ᠱᠠᠭᠠᠷᠳᠠᠨ ᠨᠡᠶᠢᠲᠡᠯᠡᠭᠦᠯᠵᠦ᠂ ᠡᠵᠡᠩᠨᠡᠭᠴᠢᠳ ᠤᠨ ᠭᠠᠭᠴᠠᠭᠠᠷ ᠡᠵᠡᠮᠰᠢᠬᠦ | ᠦᠢᠯᠡ ᠠᠵᠢᠯᠯᠠᠭ᠎ᠠ ᠲᠠᠢ ᠠᠵᠢᠯᠯᠠᠬᠤ ᠳᠤ ᠳᠦᠭᠦᠮ ᠨᠦᠬᠦᠴᠡᠯ ᠬᠠᠩᠭᠠᠨ ᠦᠭᠴᠦ ᠪᠣᠯᠬᠤ ᠦᠭᠡᠢ︔ | ︵3︶ ᠦᠨ᠎ᠡ ᠲᠣᠭᠲᠠᠭᠠᠬᠤ ᠡᠷᠬᠡ ᠶᠢᠨ ᠬᠢᠵᠠᠭᠠᠷ ᠠᠴᠠ ᠳᠠᠪᠠᠵᠤ ᠵᠠᠰᠠᠭ ᠤᠨ ᠣᠷᠳᠣᠨ ᠤ ᠲᠣᠭᠲᠠᠭᠠᠬᠤ | ᠦᠨ᠎ᠡ ᠶᠢ ᠲᠣᠭᠲᠠᠭᠠᠵᠤ ᠪᠣᠯᠬᠤ ᠦᠭᠡᠢ︔ | ︵4︶ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠭᠰᠡᠨ ᠲᠠᠸᠠᠷ ᠪᠠ ᠦᠢᠯᠡᠴᠢᠯᠡᠭᠡᠨ ᠤ | ᠦᠨ᠎ᠡ ᠬᠠᠩᠰᠢ ᠶᠢᠨ ᠬᠢᠷᠢ ᠲᠦᠪᠰᠢᠨ ᠢ ᠬᠠᠤᠯᠢ ᠠᠴᠠ ᠵᠦᠷᠢᠴᠡᠵᠦ ᠬᠠᠷᠰᠢᠯᠠᠨ ᠨᠦᠯᠦᠭᠡᠯᠡᠵᠦ ᠪᠣᠯᠬᠤ ᠦᠭᠡᠢ᠃ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠪᠣᠯ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠦᠴᠢᠷ ᠤᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠬᠤ ᠪᠣᠶᠤ ᠲᠡᠳᠡᠨ ᠤ ᠡᠭᠦᠷᠭᠡ ᠶᠢ ᠨᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ ᠪᠣᠯᠬᠤ ᠦᠭᠡᠢ︔ ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ | ᠡᠰᠡᠷᠭᠦᠴᠡᠬᠦ ᠬᠠᠤᠯᠢ︾ ᠠᠴᠠ ᠵᠦᠷᠢᠴᠡᠵᠦ᠂ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠠᠭᠤᠯᠭ᠎ᠠ ᠲᠠᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠪᠣᠯᠬᠤ ᠦᠭᠡᠢ᠃ | ︵ᠲᠠᠪᠤ︶ ᠣᠨᠴᠣᠭᠤᠢ ᠵᠦᠢᠯ ᠤᠨ ᠲᠣᠭᠲᠠᠭᠠᠯ᠃ ᠳᠣᠣᠷᠠᠬᠢ ᠪᠠᠶᠢᠳᠠᠯ ᠳᠤ ᠬᠠᠷᠢᠶᠠᠯᠠᠭᠳᠠᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠬᠡᠷᠪᠡ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠦᠷ᠎ᠡ ᠳ᠋ᠦᠡᠭ ᠲᠠᠢ | ᠪᠣᠯ᠂ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠡᠷᠡᠭᠵᠢᠭᠦᠯᠵᠦ ᠪᠣᠯᠣᠨ᠎ᠠ᠄ | 1. ᠤᠯᠤᠰ ᠤᠨ ᠠᠵᠤ ᠠᠬᠤᠢ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ ᠢ ᠬᠠᠮᠠᠭᠠᠯᠠᠬᠤ | ᠪᠣᠶᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ︔ | 2. ᠶᠠᠳᠠᠭᠤ ᠶᠢ ᠳᠡᠳᠬᠦᠵᠦ ᠨᠡᠬᠡᠭᠡᠨ ᠬᠦᠭᠵᠢᠭᠦᠯᠬᠦ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ | ᠨᠡᠶᠢᠭᠡᠮ ᠤᠨ ᠪᠠᠲᠤᠯᠠᠭ᠎ᠠ ᠶᠢᠨ ᠵᠣᠷᠢᠯᠭ᠎ᠠ ᠶᠢ ᠪᠡᠶᠡᠯᠡᠭᠦᠯᠬᠦ ᠶᠢᠨ ᠲᠥᠯᠥᠭᠡ ᠪᠠᠶᠢᠬᠤ︔ | 3. ᠡᠨᠧᠷᠬᠢ ᠶᠢᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ | ᠵᠡᠷᠭᠡ ᠨᠡᠶᠢᠭᠡᠮ ᠨᠡᠶᠢᠲᠡ ᠶᠢᠨ ᠠᠰᠢᠭ ᠲᠤᠰᠠ ᠶᠢ ᠪᠡᠶᠡᠯᠡᠭᠦᠯᠬᠦ ᠶᠢᠨ ᠲᠥᠯᠥᠭᠡ ᠪᠠᠶᠢᠬᠤ︔ | 4. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠣᠰᠣᠳ ᠪᠠᠶᠢᠳᠠᠯ᠃ | ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠠᠴᠠ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠶᠢ ᠪᠡᠶᠡᠯᠡᠭᠦᠯᠬᠦ ᠳᠤ ᠳᠤᠲᠠᠭᠳᠠᠵᠤ ᠪᠣᠯᠣᠰᠢ ᠦᠭᠡᠢ | ᠮᠦᠷᠲᠡᠭᠡᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠬᠦᠴᠦᠲᠡᠢ ᠠᠷᠢᠯᠭᠠᠬᠤ ᠪᠠ ᠬᠢᠵᠠᠭᠠᠷᠯᠠᠬᠤ ᠦᠭᠡᠢ ᠪᠠᠶᠢᠬᠤ ᠶᠢ | ᠲᠣᠳᠣᠷᠬᠠᠶᠢᠯᠠᠬᠤ ᠶᠢᠨ ᠬᠠᠮᠲᠤ᠂ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠢᠶᠠᠨ ᠲᠣᠳᠣᠷᠬᠠᠶᠢᠯᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠡᠭ ᠳᠤ ᠵᠢᠯ ᠳᠠᠷᠠᠭᠠᠯᠠᠨ ᠦᠨᠡᠯᠡᠨ ᠵᠢᠱᠢᠯᠲᠡ ᠬᠢᠨ᠎ᠡ᠃ ᠬᠡᠷᠡᠭᠵᠢᠭᠦᠯᠬᠦ | ᠬᠤᠭᠤᠴᠠᠭ᠎ᠠ ᠬᠢᠵᠠᠭᠠᠷ ᠨᠢ ᠲᠤᠯᠤᠭᠰᠠᠨ ᠪᠣᠶᠤ ᠵᠢᠱᠢᠭᠰᠡᠨ ᠦᠷ᠎ᠡ ᠳ᠋ᠦᠡᠭ ᠳᠤ ᠥᠯᠥ ᠬᠦᠷᠦᠭᠰᠡᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠨ ᠳᠠᠷᠦ᠋ᠢᠬᠠᠨ ᠵᠣᠭᠰᠣᠭᠠᠬᠤ ᠪᠣᠶᠤ ᠲᠡᠭᠦᠨ ᠳᠤ | ᠲᠣᠬᠢᠷᠠᠭᠤᠯᠤᠯᠲᠠ ᠬᠢᠬᠦ ᠬᠡᠷᠡᠭᠲᠡᠢ᠃ | ᠭᠤᠷᠪᠠ᠂ ᠭᠤᠣᠯᠴᠢ ᠥᠷᠢᠰᠥᠯᠳᠥᠭᠡᠨ ᠤ ᠬᠢᠨᠠᠨ ᠪᠠᠶᠢᠴᠠᠭᠠᠬᠤ ᠲᠥᠷᠢᠮ ᠢ ᠡᠮᠬᠢ ᠵᠢᠷᠤᠮ ᠲᠠᠢ ᠬᠡᠷᠡᠭᠵᠢᠭᠦᠯᠬᠦ | ᠬᠡᠷᠡᠭᠲᠡᠢ | ︵ᠨᠢᠭᠡ︶ ᠠᠵᠢᠯ ᠤᠨ ᠲᠣᠭᠲᠠᠴᠠ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠲᠥᠷᠥᠭᠦᠯᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ | ᠳᠦᠷᠢᠮ ᠤᠨ ᠠᠯᠪᠠᠨ ᠭᠡᠷ᠂ ᠬᠤᠳᠠᠯᠳᠤᠭᠠᠨ ᠤ ᠶᠠᠪᠣᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢᠶᠠᠷ ᠭᠡᠰᠢᠭᠦᠨ | ᠨᠢᠭᠡᠴᠡ ᠪᠤᠯᠭᠠᠬᠰᠠᠨ ᠥᠪᠡᠷᠲᠡᠭᠡᠨ ᠵᠠᠰᠠᠬᠤ ᠣᠷᠣᠨ ᠤ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠳᠥᠷᠢᠮ ᠢ ᠪᠠᠶᠢᠭᠤᠯᠬᠤ ᠬᠡᠷᠡᠭᠲᠡᠢ᠃ ᠬᠠᠮᠲᠤᠷᠠᠭᠰᠠᠨ ᠬᠤᠷᠠᠯᠳᠤᠭᠠᠨ ᠤ | ᠭᠡᠰᠢᠭᠦᠨ ᠨᠢᠭᠡᠴᠡ ᠨᠢ ᠠᠵᠢᠯ ᠤᠨ ᠲᠣᠭᠲᠠᠴᠠ ᠪᠠᠨ ᠪᠠᠶᠢᠭᠤᠯᠤᠨ ᠲᠡᠭᠦᠯᠳᠡᠷᠵᠢᠭᠦᠯᠵᠦ᠂ ᠪᠣᠳᠠᠲᠠᠢ ᠠᠵᠢᠯ ᠤᠨ ᠠᠷᠭ᠎ᠠ | ᠬᠡᠮᠵᠢᠶ᠎ᠡ ᠪᠠ ᠠᠷᠭ᠎ᠠ ᠶᠢ ᠰᠣᠳᠣᠯᠣᠨ ᠲᠣᠭᠲᠠᠭᠠᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ | ᠡᠮᠬᠢ ᠵᠢᠷᠤᠮ ᠲᠠᠢ ᠦᠷᠨᠢᠭᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠳᠤᠷᠠᠭᠰᠠᠨ ᠬᠤᠷᠠᠯᠳᠤᠭᠠᠨ ᠤ ᠠᠯᠪᠠᠨ ᠭᠡᠷ ᠢ ᠥᠪᠡᠷᠲᠡᠭᠡᠨ | ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ ᠪᠠᠶᠢᠭᠤᠯᠵᠤ᠂ ᠬᠠᠮᠳᠤᠷᠠᠭᠰᠠᠨ | ᠬᠤᠷᠠᠯᠳᠤᠭᠠᠨ ᠤ ᠡᠳᠦᠷ ᠳᠣᠲᠣᠮ ᠤᠨ ᠠᠵᠢᠯ ᠢ ᠡᠭᠦᠷᠭᠡᠯᠡᠵᠦ᠂ ᠬᠠᠮᠳᠤᠷᠠᠭᠰᠠᠨ ᠬᠤᠷᠠᠯᠳᠤᠭᠠᠨ ᠤ ᠬᠤᠯᠪᠣᠭᠳᠠᠯ | ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠨ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠦᠷᠨᠢᠭᠦᠯᠬᠦ ᠶᠢ ᠰᠢᠮᠳᠠᠭᠤᠯᠤᠨ ᠵᠢᠯᠣᠭᠤᠳᠴᠦ᠂ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠭᠠᠯ ᠠᠴᠠ ᠵᠦᠷᠢᠴᠡᠭᠰᠡᠨ ᠲᠠᠯ᠎ᠠ ᠶᠢᠨ ᠢᠯᠡᠴᠢᠯᠡᠨ ᠮᠡᠳᠡᠭᠦᠯᠬᠦ ᠶᠢ | ᠬᠦᠯᠢᠶᠡᠨ ᠭᠦᠢᠴᠡᠳᠭᠡᠵᠦ᠂ ᠠᠵᠢᠯ ᠤᠨ ᠲᠣᠣᠷ ᠰᠦᠯᠵᠢᠶ᠎ᠡ ᠶᠢᠨ ᠭᠠᠳᠠᠭᠰᠢ ᠬᠠᠷᠢᠯᠴᠠᠬᠤ ᠶᠢ ᠬᠠᠷᠢᠭᠤᠴᠠᠵᠤ᠂ | ᠤᠬᠠᠭᠤᠯᠤᠨ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠶᠠᠷᠢᠶ᠎ᠠ ᠬᠡᠯᠡᠯᠴᠡᠭᠡ ᠪᠠᠷ | ᠬᠦᠳᠦᠯᠦᠨ ᠵᠢᠯᠣᠭᠤᠳᠬᠤ ᠶᠢ ᠵᠣᠬᠢᠶᠠᠨ ᠪᠠᠶᠢᠭᠤᠯᠵᠤ᠂ ᠮᠡᠳᠡᠭᠡ ᠵᠠᠩᠭᠢ ᠶᠢᠨ ᠢᠯᠡ ᠨᠠᠶᠢᠲᠡᠯᠡᠬᠦ ᠶᠢ ᠠᠬᠢᠭᠤᠯᠵᠤ᠂ | ᠦᠷ᠎ᠡ ᠪᠦᠲᠦᠮᠵᠢ ᠪᠠ ᠲᠤᠷᠰᠢᠭ᠎ᠠ ᠪᠠᠨ ᠴᠠᠭ ᠲᠤᠬᠠᠢ ᠳᠤᠨᠢ ᠳ᠋ᠦᠡᠭᠨᠡᠵᠤ᠂ ᠳᠥᠷᠢᠮ ᠤᠨ ᠲᠠᠰᠤᠷᠠᠯᠲᠠ ᠦᠭᠡᠢ | ᠲᠡᠭᠦᠯᠳᠡᠷᠵᠢᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠴᠠᠭ ᠲᠤᠬᠠᠢ ᠳᠤᠨᠢ ᠵᠢᠷᠤᠮᠵᠢᠭᠤᠯᠤᠨ ᠨᠡᠮᠡᠭᠳᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ | ᠲᠣᠭᠲᠠᠭᠠᠬᠤ ᠪᠠᠶᠢᠭᠤᠯᠭ᠎ᠠ ᠶᠢᠨ ᠥᠪᠡᠷ ᠤᠨ ᠬᠢᠨᠠᠨ ᠪᠠᠶᠢᠴᠠᠭᠠᠯᠲᠠ ᠶᠢ ᠬᠦᠭᠵᠢᠭᠦᠯᠦᠯᠲᠡ ᠥᠭᠡᠷᠡᠴᠢᠯᠡᠯᠲᠡ᠂ ᠬᠠᠤᠯᠢ | ᠳᠦᠷᠢᠮ᠂ ᠬᠤᠳᠠᠯᠳᠤᠭᠠᠨ ᠤ ᠶᠠᠪᠤᠳᠠᠯ ᠪᠠ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠤᠨ ᠬᠢᠨᠠᠯᠲᠠ | ᠲᠠᠯᠪᠢᠯᠲᠠ ᠯᠤᠭ᠎ᠠ ᠬᠠᠷᠢᠯᠴᠠᠨ ᠤᠶᠠᠯᠳᠤᠭᠤᠯᠬᠤ ᠵᠠᠷᠴᠢᠮ ᠶᠣᠰᠤᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠦᠴᠢᠷ ᠤᠳ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠴᠠ ᠶᠢ ᠱᠠᠯᠠᠪᠳᠠᠨ ᠰᠣᠳᠣᠯᠣᠨ | ᠪᠠᠶᠢᠭᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠠᠪᠤᠴᠠ ᠳᠤ | ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠬᠡᠷᠡᠭᠵᠢᠭᠦᠯᠬᠦ ᠬᠡᠷᠡᠭᠲᠡᠢ᠃ 2017 ᠣᠨ ᠠᠴᠠ ᠡᠬᠢᠯᠡᠨ᠂ | ᠪᠦᠬᠦ ᠣᠷᠣᠨ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠴᠢ ᠥᠷᠢᠰᠦᠯᠳᠦᠭᠡᠨ ᠤ ᠬᠢᠨᠠᠨ | ᠪᠠᠶᠢᠴᠠᠭᠠᠬᠤ ᠳᠥᠷᠢᠮ ᠤᠨ ᠲᠣᠭᠲᠠᠭᠠᠨ ᠨᠡᠶᠢᠲᠡᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠬᠦ ᠬᠡᠷᠡᠭᠲᠡᠢ᠃ | ︵ᠭᠤᠷᠪᠠ︶ ᠦᠯᠡᠳᠡᠭᠳᠡᠵᠦ ᠪᠠᠶᠢᠭ᠎ᠠ ᠵᠦᠢᠯᠡᠰ ᠢ ᠡᠮᠬᠢ ᠵᠢᠷᠤᠮ ᠲᠠᠢ ᠪᠠᠷ ᠢᠯᠭᠠᠷᠠᠭᠤᠯᠬᠤ ᠬᠡᠷᠡᠭᠲᠡᠢ᠃ ︽ | ᠬᠡᠨ ᠲᠣᠭᠲᠠᠭᠠᠭᠰᠠᠨ ᠪᠣᠯ᠂ ᠬᠡᠨ ᠢᠯᠭᠠᠷᠠᠭᠤᠯᠬᠤ︾ ᠵᠠᠷᠴᠢᠮ ᠶᠣᠰᠤᠭᠠᠷ᠂ ᠡᠯ᠎ᠡ ᠭᠠᠵᠠᠷ ᠣᠷᠣᠨ ᠵᠢᠴᠢ | ᠬᠠᠷᠢᠶᠠᠯᠠᠭᠳᠠᠬᠤ ᠰᠠᠯᠠᠭ᠎ᠠ ᠮᠦᠴᠢᠷ ᠤᠳ ᠨᠢ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠥᠷᠥ ᠶᠢᠨ | ᠪᠣᠳᠣᠯᠭ᠎ᠠ ᠶᠢᠨ ᠪᠦᠬᠦ ᠦᠯᠡᠳᠡᠭᠳᠡᠵᠦ ᠪᠠᠶᠢᠭ᠎ᠠ ᠪᠣᠳᠠᠲᠠᠢ ᠪᠠᠶᠢᠳᠠᠯ ᠢ ᠡᠵᠡᠮᠰᠢᠵᠦ᠂ ᠣᠳᠣ ᠶᠢᠨ ᠬᠡᠷᠡᠭᠵᠢᠭᠦᠯᠵᠦ | ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠢ ᠠᠳᠠᠯᠢ ᠪᠣᠰᠤ ᠪᠠᠶᠢᠳᠠᠯ ᠢᠶᠠᠷ | ᠬᠤᠪᠢᠶᠠᠷᠢᠯᠠᠨ ᠥᠪᠡᠷ ᠤᠨ ᠪᠠᠶᠢᠴᠠᠭᠠᠯᠲᠠ ᠬᠢᠬᠦ ᠶᠢ ᠦᠷᠨᠢᠭᠦᠯᠵᠦ᠂ ᠠᠵᠢᠯ ᠤᠨ ᠶᠠᠪᠣᠴᠠ ᠪᠠᠨ ᠲᠣᠭᠲᠠᠭᠤᠨ ᠢᠶᠠᠷ | ᠡᠵᠡᠮᠳᠡᠵᠦ᠂ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠦᠷᠢᠰᠦᠯᠳᠦᠭᠡᠨ ᠢ ᠬᠠᠷᠰᠢᠯᠠᠬᠤ ᠡᠯ᠎ᠡ | ᠵᠦᠢᠯ ᠤᠨ ᠲᠣᠭᠲᠠᠭᠠᠯ ᠪᠣᠯᠣᠨ ᠬᠢᠳᠡᠯ ᠢ ᠡᠮᠬᠢ ᠵᠢᠷᠦᠮ ᠲᠠᠢ ᠪᠠᠷ ᠢᠯᠭᠠᠷᠠᠭᠤᠯᠬᠤ ᠪᠠ ᠬᠦᠴᠦᠨ ᠦᠭᠡᠢ | ᠪᠣᠯᠭᠠᠬᠤ ᠶᠢᠨ ᠬᠠᠮᠳᠤ᠂ ᠦᠯᠡᠳᠡᠭᠳᠡᠵᠦ ᠪᠠᠶᠢᠭ᠎ᠠ ᠪᠢᠴᠢᠭ ᠮᠠᠲ᠋ᠧᠷᠢᠶᠠᠯ ᠢ ᠢᠯᠭᠠᠷᠠᠭᠤᠯᠬᠤ ᠴᠠᠭ ᠪᠠ ᠠᠵᠢᠯ ᠤᠨ | ᠠᠬᠢᠴᠠ ᠶᠢᠨ ᠬᠦᠰᠦᠨᠦᠭᠲᠦ ᠵᠣᠬᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ | ᠵᠠᠷᠴᠢᠮ ᠳᠡᠭᠡᠷ᠎ᠡ ᠪᠠᠨ 2017 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠭᠠᠷᠠᠭᠤᠯᠬᠤ | ᠠᠵᠢᠯ ᠢᠶᠠᠨ ᠪᠡᠶᠡᠯᠡᠭᠦᠯᠬᠦ ᠬᠡᠷᠡᠭᠲᠡᠢ︔ ᠡᠯ᠎ᠡ ᠭᠠᠵᠠᠷ ᠣᠷᠣᠨ ᠵᠢᠴᠢ ᠬᠠᠷᠢᠶᠠᠯᠠᠭᠳᠠᠬᠤ ᠰᠠᠯᠠᠭ᠎ᠠ ᠮᠦᠴᠢᠷ ᠤᠳ | ᠵᠠᠷᠴᠢᠮ ᠳᠡᠭᠡᠷ᠎ᠡ ᠪᠠᠨ 2017 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠢᠯᠭᠠᠷᠠᠭᠤᠯᠬᠤ | ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠡᠭᠦᠨ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠰᠬᠠᠯᠲᠠ ᠪᠠᠷ | ᠨᠡᠯᠢᠶᠡᠳ ᠴᠢᠩᠭ᠎ᠠ᠂ ᠠᠰᠠᠭᠤᠳᠠᠯ ᠤᠨ ᠢᠯᠡᠷᠡᠯᠲᠡ ᠪᠠᠷ ᠨᠡᠯᠢᠶᠡᠳ ᠲᠦᠪᠯᠡᠷᠡᠭᠰᠡᠨ᠂ ᠨᠦᠯᠦᠭᠡ ᠪᠠᠷ ᠨᠡᠯᠢᠶᠡᠳ | ᠳᠣᠪᠤᠶᠢᠮ᠎ᠡ ᠪᠣᠯᠬᠤ ᠲᠣᠭᠲᠠᠭᠠᠯ ᠪᠠ ᠬᠢᠳᠡᠯ ᠤᠳ ᠢ ᠳᠠᠷᠤᠢ ᠲᠦᠷᠭᠡᠨ ᠬᠦᠴᠦᠨ ᠦᠭᠡᠢ ᠪᠣᠯᠭᠠᠬᠤ ᠬᠡᠷᠡᠭᠲᠡᠢ︔ ᠭᠡᠷ᠎ᠡ | ᠵᠦᠪᠯᠡᠯᠴᠡᠭᠡᠷ ᠵᠡᠷᠭᠡ ᠬᠡᠯᠪᠡᠷᠢ ᠮᠠᠶ᠋ᠢᠭ ᠢᠶᠠᠷ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ᠂ | ᠵᠢᠴᠢ ᠬᠡᠰᠡᠭ ᠪᠦᠯᠦᠭ ᠢ ᠨᠢ ᠳᠠᠷᠦ᠋ᠢᠬᠠᠨ ᠵᠣᠭᠰᠤᠭᠠᠬᠤ ᠳᠤ ᠬᠦᠨᠳᠦ ᠶᠡᠭᠡ ᠨᠦᠯᠦᠭᠡ ᠪᠣᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠲᠤ᠂ ᠰᠢᠯᠵᠢᠯᠲᠡ ᠶᠢᠨ ᠬᠤᠭᠤᠴᠠᠭ᠎ᠠ ᠶᠢ ᠨᠢ ᠵᠦᠢ ᠵᠣᠬᠢᠰᠲᠠᠢ | ᠲᠣᠬᠢᠷᠠᠭᠤᠯᠵᠤ᠂ ᠴᠢᠬᠤᠯᠠ ᠪᠦᠬᠦᠢ ᠨᠠᠮᠵᠢᠭᠤᠯᠬᠤ ᠣᠷᠣᠨ ᠵᠠᠢ ᠲᠠᠢ ᠪᠠᠶᠢᠯᠭᠠᠬᠤ ᠬᠡᠷᠡᠭᠲᠡᠢ︔ ᠨᠢᠭᠡᠨᠲᠡ | ᠪᠣᠳᠠᠲᠠᠶᠢᠵᠢᠭᠤᠯᠵᠤ ᠪᠡᠶᠡᠯᠡᠭᠦᠯᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠩᠭᠡᠷᠡᠭᠰᠡᠨ ᠢᠶᠠᠷ ᠦᠵᠡᠵᠦ | ᠤᠬᠤᠴᠢᠯᠠᠬᠤ ᠦᠭᠡᠢ᠃ ᠡᠯ᠎ᠡ ᠭᠠᠵᠠᠷ ᠣᠷᠣᠨ ᠵᠢᠴᠢ ᠬᠠᠷᠢᠶᠠᠯᠠᠭᠳᠠᠬᠤ ᠰᠠᠯᠠᠭ᠎ᠠ ᠮᠦᠴᠢᠷ ᠤᠳ ᠢᠯᠭᠠᠷᠠᠭᠤᠯᠤᠭᠰᠠᠨ | ᠪᠠᠶᠢᠳᠠᠯ ᠢ ᠴᠠᠬ ᠲᠤᠬᠠᠢ ᠳᠤᠨᠢ ᠨᠡᠶᠢᠭᠡᠮ ᠳᠤ ᠢᠯᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯᠳᠤᠭᠠᠨ ᠳᠤ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠵᠢᠴᠢ ᠢᠯᠭᠠᠷᠠᠭᠤᠯᠤᠭᠰᠠᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ | ᠮᠡᠳᠡᠭᠦᠯᠬᠦ ᠬᠡᠷᠡᠭᠲᠡᠢ᠃ | ︵ᠳᠥᠷᠪᠡ︶ ᠦᠨᠡᠯᠡᠨ ᠵᠢᠱᠢᠵᠦ ᠲᠡᠭᠦᠯᠳᠡᠷᠵᠢᠭᠦᠯᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ | ᠬᠤᠷᠠᠯᠳᠤᠭᠠᠨ ᠨᠢ ᠨᠦᠬᠦᠴᠡᠯ ᠪᠦᠷᠢᠯᠳᠦᠭᠰᠡᠨ ᠦᠶ᠎ᠡ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ | ᠬᠢᠨᠠᠨ ᠪᠠᠶᠢᠴᠠᠭᠠᠯᠲᠠ ᠪᠣᠯᠣᠨ ᠢᠯᠭᠠᠷᠠᠭᠤᠯᠤᠭᠰᠠᠨ ᠪᠠᠶᠢᠳᠠᠯ ᠳᠤ ᠦᠨᠡᠯᠡᠨ ᠵᠢᠱᠢᠯᠲᠡ ᠦᠷᠨᠢᠭᠦᠯᠬᠦ ᠶᠢ ᠵᠣᠬᠢᠶᠠᠨ | ᠪᠠᠶᠢᠭᠤᠯᠵᠤ᠂ ᠲᠣᠭᠲᠠᠮᠠᠯ ᠪᠣᠰᠤ ᠬᠤᠭᠤᠴᠠᠭ᠎ᠠ ᠲᠠᠢ ᠪᠠᠷ ᠰᠤᠭᠤᠯᠤᠨ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ᠃ | ᠦᠨᠡᠯᠡᠨ ᠵᠢᠱᠢᠯᠲᠡ ᠪᠠᠷ ᠳᠠᠮᠵᠢᠵᠤ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ | ᠦᠷᠢᠰᠦᠯᠳᠦᠭᠡᠨ ᠢ ᠬᠠᠷᠰᠢᠯᠠᠵᠤ ᠪᠠᠶᠢᠬᠤ ᠪᠠᠷ ᠦᠵᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ | ᠶᠣᠰᠤᠭᠠᠷ ᠳᠠᠷᠤᠢ ᠲᠦᠷᠭᠡᠨ ᠬᠦᠴᠦᠨ ᠦᠭᠡᠢ ᠪᠣᠯᠭᠠᠬᠤ ᠪᠣᠶᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠭᠤᠷᠪᠠᠳᠤᠭᠠᠷ ᠡᠲᠡᠭᠡᠳ ᠤᠨ ᠦᠨᠡᠯᠡᠨ ᠵᠢᠱᠢᠬᠦ | ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠬᠦ ᠬᠡᠷᠡᠭᠲᠡᠢ᠃ ᠬᠡᠷᠪᠡ ᠴᠢᠬᠤᠯᠠᠲᠠᠢ ᠪᠣᠯ᠂ ᠦᠨᠡᠯᠡᠨ | ᠵᠢᠱᠢᠯᠲᠡ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠨᠡᠶᠢᠭᠡᠮ ᠠᠴᠠ ᠰᠠᠨᠠᠯ ᠬᠤᠷᠢᠶᠠᠨ | ᠠᠪᠴᠤ ᠪᠣᠯᠣᠨ᠎ᠠ᠃ ᠦᠨᠡᠯᠡᠨ ᠵᠢᠱᠢᠯᠲᠠ ᠶᠢᠨ ᠴᠣᠪᠣᠷᠠᠯ᠂ ᠦᠨᠡᠯᠡᠨ ᠵᠢᠱᠢᠯᠲᠡ ᠶᠢᠨ ᠦᠷ᠎ᠡ ᠳ᠋ᠦ᠋ᠶᠢᠩ ᠢ ᠬᠠᠤᠯᠢ | ᠶᠤᠰᠤᠭᠠᠷ ᠨᠡᠶᠢᠭᠡᠮ ᠳᠤ ᠢᠯᠡ ᠪᠤᠯᠭᠠᠬᠤ ᠬᠡᠷᠡᠭᠲᠡᠢ᠃ | ᠳᠥᠷᠪᠡ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠶᠢᠨ ᠪᠠᠲᠤᠯᠠᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠥᠷᠢᠰᠦᠯᠳᠦᠭᠡᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠦᠴᠢᠷ ᠤᠳ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢᠨ ᠰᠠᠭᠤᠷᠢᠯᠠᠬᠤ ᠴᠢᠨᠠᠷᠲᠠᠢ ᠪᠠᠶᠢᠷᠢ | ᠰᠠᠭᠤᠷᠢ ᠶᠢ ᠲᠣᠭᠲᠠᠭᠠᠬᠤ ᠱᠠᠭᠠᠷᠳᠠᠯᠭ᠎ᠠ ᠶᠣᠰᠤᠭᠠᠷ᠂ ᠴᠢᠭᠯᠡᠭᠦᠯᠬᠦ ᠴᠢᠨᠠᠷᠲᠠᠢ ᠪᠠᠷ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠲᠣᠭᠲᠠᠭᠠᠵᠤ᠂ ᠰᠢᠨ᠎ᠡ ᠠᠵᠤ ᠠᠬᠤᠢ ᠶᠢᠨ ᠬᠦᠷᠢᠶ᠎ᠡ ᠴᠠᠷᠠᠭ᠎ᠠ ᠳᠠᠬᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠰᠣᠳᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ | ᠵᠢᠷᠤᠮᠵᠢᠯ ᠢ ᠲᠠᠰᠤᠷᠠᠯᠲᠠ ᠦᠭᠡᠢ ᠳᠡᠭᠦᠯᠳᠡᠷᠵᠢᠭᠦᠯᠵᠦ᠂ ᠨᠢᠭᠡᠳᠦᠯᠲᠡᠢ ᠪᠦᠭᠡᠳ ᠴᠢᠯᠦᠭᠡᠲᠡᠢ᠂ ᠦᠷᠢᠰᠦᠯᠳᠦᠭᠡᠨ ᠢᠶᠠᠷ | ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠨ ᠪᠣᠢ ᠪᠣᠯᠭᠠᠬᠤ ᠬᠡᠷᠡᠭᠲᠡᠢ᠃ | ︵ᠬᠤᠶᠠᠷ︶ ᠢᠲᠡᠭᠡᠯ ᠲᠠᠢ ᠪᠠᠶᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ | ᠵᠠᠰᠠᠭ ᠤᠨ ᠣᠷᠳᠣᠨ ᠤ ᠨᠡᠶᠢᠭᠡᠮ ᠨᠡᠶᠢᠲᠡ ᠳᠤ ᠢᠯᠡᠷᠭᠡᠶᠢᠯᠡᠭᠰᠡᠨ ᠠᠮᠠᠯᠳᠠᠭ᠎ᠠ ᠪᠠᠨ ᠴᠢᠩᠭ᠎ᠠ ᠭᠦᠢᠴᠡᠳᠭᠡᠵᠦ᠂ | ᠵᠠᠰᠠᠭ ᠤᠨ ᠶᠠᠪᠤᠳᠠᠯ ᠤᠨ ᠭᠡᠷ᠎ᠡ ᠬᠡᠷᠡᠭᠵᠢᠭᠦᠯᠬᠦ ᠪᠠ ᠠᠮᠠᠯᠳᠠᠭ᠎ᠠ ᠪᠠᠨ ᠵᠢᠷᠤᠮᠯᠠᠬᠤ ᠦᠢᠯᠡᠴᠢᠯᠡᠭᠡ ᠶᠢ ᠵᠠᠰᠠᠭ ᠤᠨ | ᠣᠷᠳᠣᠨ ᠤ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠳᠤ ᠣᠷᠤᠭᠤᠯᠵᠤ᠂ ᠵᠠᠰᠠᠭ ᠤᠨ ᠶᠠᠪᠤᠳᠠᠯ ᠪᠠ ᠵᠠᠰᠠᠭ | ᠵᠠᠬᠢᠷᠭᠠᠨ ᠤ ᠠᠮᠠᠯᠳᠠᠭ᠎ᠠ ᠶᠢᠨ ᠰᠢᠯᠭᠠᠨ ᠬᠢᠨᠠᠬᠤ ᠲᠥᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠳᠠᠯ ᠢ ᠢᠯᠡ ᠨᠡᠶᠢᠲᠡᠯᠡᠬᠦ ᠪᠠ ᠭᠡᠷᠡᠴᠢᠯᠡᠭᠡ ᠰᠣᠨᠣᠰᠬᠤ ᠳᠥᠷᠢᠮ ᠢ | ᠤᠯᠠᠮ ᠨᠢᠭᠡ ᠠᠯᠬᠤᠮ ᠳᠡᠯᠭᠡᠷᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠤ | ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠨᠢ ᠦᠷᠭᠡᠳᠭᠡᠵᠦ᠂ ᠡᠷᠬᠡ ᠶᠢᠨ ᠠᠵᠢᠯᠯᠠᠭᠠᠨ ᠳᠤ ᠨᠡᠶᠢᠭᠡᠮ ᠤᠨ | ᠬᠢᠨᠠᠯᠲᠠ ᠲᠠᠯᠪᠢᠯᠲᠠ ᠪᠠ ᠬᠦᠯᠢᠶᠡᠰᠦᠯᠡᠯ ᠢ ᠴᠢᠩᠭᠠᠳᠬᠠᠬᠤ ᠬᠡᠷᠡᠭᠲᠡᠢ᠃ | ︵ᠭᠤᠷᠪᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠦᠷᠢᠴᠡᠭᠰᠡᠨ ᠢᠶᠠᠷ ᠰᠡᠵᠢᠭᠯᠡᠭᠳᠡᠭᠰᠡᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠯ᠂ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠢᠯᠡᠴᠢᠯᠡᠨ ᠵᠠᠭᠠᠯᠳᠤᠬᠤ | ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠴᠠᠭ ᠲᠤᠬᠠᠢ ᠳᠤᠨᠢ ᠰᠢᠢᠳᠪᠦᠷᠢᠯᠡᠵᠦ ᠦᠭᠬᠦ ᠬᠡᠷᠡᠭᠲᠡᠢ︔ | ︽ᠪᠦᠭᠦᠲᠠ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾ ᠠᠴᠠ | ᠵᠦᠷᠢᠴᠡᠭᠰᠡᠨ ᠢᠶᠠᠷ ᠰᠡᠵᠢᠭᠯᠡᠭᠳᠡᠭᠰᠡᠨ ᠪᠣᠯ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠶᠢ ᠬᠡᠷᠡᠭᠵᠢᠭᠦᠯᠬᠦ | ᠪᠠᠶᠢᠭᠤᠯᠤᠮᠵᠢ ᠨᠢ ᠬᠠᠤᠯᠢ ᠶᠣᠰᠤᠭᠠᠷ ᠪᠠᠶᠢᠴᠠᠭᠠᠵᠤ ᠬᠠᠷᠭᠤᠭᠤᠯᠬᠤ ᠶᠢᠨ ᠬᠠᠮᠳᠤ᠂ ᠬᠤᠯᠪᠣᠭᠳᠠᠯ ᠪᠦᠬᠦᠢ ᠳᠡᠭᠡᠲᠥ | ᠱᠠᠲᠤᠨ ᠤ ᠪᠠᠶᠢᠭᠤᠯᠭ᠎ᠠ ᠳᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ ᠭᠠᠷᠭᠠᠬᠤ ᠬᠡᠷᠡᠭᠲᠡᠢ᠃ ᠬᠡᠷᠡᠭ ᠤᠨ ᠪᠠᠶᠢᠳᠠᠯ | ᠪᠠ ᠰᠢᠢᠳᠪᠦᠷᠢᠯᠡᠬᠦ ᠰᠠᠨᠠᠭᠤᠯᠭ᠎ᠠ ᠶᠢ ᠨᠡᠶᠢᠭᠡᠮ ᠳᠤ ᠢᠯᠡ ᠪᠤᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ | ᠲᠣᠭᠲᠠᠭᠠᠬᠤ ᠪᠠᠶᠢᠭᠤᠯᠭ᠎ᠠ ᠨᠢ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠵᠠᠯᠠᠷᠠᠭᠤᠯᠵᠤ᠂ ᠭᠤᠣᠯᠴᠢ ᠥᠷᠢᠰᠥᠯᠳᠦᠭᠡᠨ ᠤ ᠵᠠᠬ᠎ᠠ ᠳᠡᠯᠭᠡᠭᠦᠷ ᠤᠨ ᠡᠮᠬᠢ | ᠲᠢᠭᠯᠢᠮ ᠢ ᠬᠠᠮᠠᠭᠠᠯᠠᠬᠤ ᠬᠡᠷᠡᠭᠲᠡᠢ᠃ | ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠭᠤᠣᠯᠴᠢ ᠥᠷᠢᠰᠦᠯᠳᠦᠭᠡᠨ ᠤ | ᠬᠢᠨᠠᠨ ᠪᠠᠶᠢᠴᠠᠭᠠᠯᠲᠠ ᠬᠢᠭᠡᠳᠦᠢ ᠪᠣᠶᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠠᠴᠠ | ᠵᠦᠷᠢᠴᠡᠵᠦ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠵᠢᠴᠢ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠷᠦ᠋ᠢᠬᠠᠨ ᠵᠠᠯᠠᠷᠠᠭᠤᠯᠤᠭᠰᠠᠨ ᠦᠭᠡᠢ ᠭᠠᠵᠠᠷ ᠣᠷᠣᠨ ᠬᠢᠭᠡᠳ | ᠬᠠᠷᠢᠶᠠᠯᠠᠭᠳᠠᠬᠤ ᠰᠠᠯᠠᠭ᠎ᠠ ᠮᠦᠴᠢᠷ ᠤᠳ ᠢ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠶᠣᠰᠤᠭᠠᠷ | ᠪᠠᠶᠢᠴᠠᠭᠠᠨ ᠲᠤᠳᠤᠯᠠᠬᠰᠠᠨ ᠤ ᠳᠠᠷᠠᠭ᠎ᠠ ᠴᠢᠩᠭ᠎ᠠ ᠰᠢᠳᠪᠦᠷᠢᠯᠡᠬᠦ ᠬᠡᠷᠡᠭᠲᠡᠢ᠃ ᠬᠠᠷᠢᠭᠤᠴᠠᠯᠭ᠎ᠠ ᠠᠯᠳᠠᠵᠤ | ᠲᠤᠰᠢᠶᠠᠯ ᠢᠶᠠᠨ ᠭᠤᠲᠤᠭᠠᠭᠰᠠᠨ ᠵᠡᠷᠭᠡ ᠬᠤᠯᠪᠣᠭᠳᠠᠯ ᠪᠦᠬᠦᠢ ᠬᠦᠮᠦᠰ ᠠᠴᠠ ᠨᠠᠮ ᠪᠠ ᠵᠠᠰᠠᠭ ᠤᠨ ᠰᠠᠬᠢᠯᠭ᠎ᠠ | ᠪᠠᠲᠤ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠯ᠂ ᠬᠤᠯᠪᠣᠭᠳᠠᠯ ᠪᠦᠬᠦᠢ ᠪᠠᠶᠢᠳᠠᠯ ᠢ ᠨᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠥᠭᠬᠦ ᠬᠡᠷᠡᠭᠲᠡᠢ᠃ |