ᠥᠪᠥᠷ ᠮᠣᠩᠭᠤᠯ ᠲᠣᠳᠣᠷᠬᠠᠶ ᠵᠠᠭᠠᠭᠯᠠᠨ ᠲᠤᠭᠲᠠᠭᠠᠬᠤ ᠠᠷᠭ᠎ᠠ ᠶᠢ ᠨᠡᠶᠢᠲᠡᠯᠡᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠳ ᠢ ᠴᠢᠩᠭ᠎ᠠ ᠰᠡᠷᠭᠡᠶᠢᠯᠡᠵᠤ ᠪᠤᠢ
ᠨᠡᠶᠢᠲᠡᠯᠡᠭᠰᠡᠨ ᠴᠠᠭ᠄
2017/5/15
     ᠨᠡᠷ᠎ᠡ ᠮᠡᠳᠡᠭᠦᠯᠬᠦ ᠨᠥᠬᠦᠴᠡᠯ ᠤᠨ ᠳᠣᠲᠣᠷᠠᠬᠢ ᠴᠠᠭ ᠤᠨ ᠬᠢᠵᠠᠭᠠᠷ ᠤᠨ ᠲᠤᠬᠠᠶ ᠵᠠᠭᠠᠭᠯᠠᠨ ᠲᠤᠲᠠᠭᠠᠭᠰᠠᠨ  ᠨᠢ᠄      ᠤᠨᠴᠠᠭᠠᠢ ᠲᠤᠲᠤᠷᠬᠠᠶᠢᠯᠠᠯᠲᠠ ᠦᠭᠡᠢ ᠪᠤᠯ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠤᠨ ᠳᠣᠲᠣᠷᠠᠬᠢ ᠲᠠᠢ ᠬᠤᠯᠪᠤᠭᠳᠠᠭᠰᠠᠨ ᠵᠢᠯ ᠤᠨ ᠬᠢᠵᠠᠭᠠᠷ ᠤᠨ ᠪᠤᠳᠤᠯᠲᠠ ᠶᠢ ᠴᠥᠮ ᠰᠢᠯᠭᠠᠯᠲᠠ ᠳᠤ ᠤᠷᠤᠯᠴᠠᠭᠰᠠᠨ ᠵᠢᠯ ᠤᠨ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠬᠤᠷᠢᠭᠤᠯᠤᠨ ᠪᠤᠳᠤᠨ᠎ᠠ᠃ ᠲᠤᠬᠠᠶᠢᠯᠠᠪᠠᠯ 2017 ᠣᠨ ᠳᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠣᠷᠣᠯᠴᠠᠬᠤ ᠰᠢᠯᠭᠠᠭᠤᠯᠤᠭᠰᠠᠳ ᠢ 2014 ᠤᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠪᠣᠳᠣᠨ᠎ᠠ᠃      ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ  ᠤᠳ ᠪᠠᠰᠠ ᠡᠷᠬᠡᠪᠰᠢ ᠳᠤᠤᠷᠠᠬᠢ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ ᠬᠡᠷᠡᠭᠲᠡᠶ᠄      2014 ᠤᠨ ᠤ 9 ᠳ᠋ᠤᠭᠡᠷ ᠰᠠᠷ᠎ᠠ ᠶᠢᠨ 1 ᠤ ᠡᠳᠦᠷ ᠪᠣᠯᠲᠠᠯ᠎ᠠ᠂ ᠲᠤᠰ ᠬᠥᠮᠦᠨ ᠨᠢ ᠮᠠᠨ ᠤ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠬᠠᠷᠢᠶᠠᠯᠠᠯ ᠲᠠᠢ ᠪᠥᠭᠡᠳ ᠵᠠᠯᠭᠠᠯᠳᠤᠭ᠎ᠠ ᠪᠠᠷ ᠰᠤᠷᠤᠯᠴᠠᠭᠠᠳ ᠪᠦᠬᠦᠯᠢ 1 ᠵᠢᠯ ᠪᠤᠯᠤᠭᠰᠠᠨ︔ ᠭᠡᠷ ᠤᠨ ᠠᠬᠠᠮᠠᠳ ᠨᠢ ᠮᠠᠨ ᠤ ᠣᠷᠣᠨ ᠳᠤ ᠬᠠᠤᠯᠢ ᠶᠣᠰᠣᠨ ᠤ ᠲᠤᠭᠲᠠᠪᠤᠷᠢᠲᠠᠢ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠲᠠᠢ ᠪᠥᠭᠡᠳ ᠵᠠᠯᠭᠠᠯᠳᠤᠭ᠎ᠠ ᠪᠠᠷ ᠣᠷᠣᠰᠢᠨ ᠰᠠᠭᠤᠭᠰᠠᠨ᠂ ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠲᠠᠢ ᠮᠥᠷᠲᠡᠭᠡᠨ ᠭᠠᠶᠢᠯᠢ ᠲᠤᠰᠢᠶᠠᠭᠠᠳ ︵ᠪᠤᠶᠤ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ︶ ᠪᠦᠬᠦᠯᠢ 1 ᠵᠢᠯ ᠪᠤᠯᠤᠭᠰᠠᠨ ᠪᠠᠶᠢᠬᠤ ᠬᠡᠷᠡᠭᠲᠠᠢ᠃      ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠶᠢᠨ ᠲᠤᠬᠠᠶ ᠵᠠᠭᠠᠭᠯᠠᠨ ᠲᠣᠭᠲᠠᠭᠠᠭᠰᠠᠨ ᠨᠢ᠄      ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠳᠤ ᠬᠠᠤᠯᠢ ᠶᠣᠰᠣᠭᠠᠷ ᠣᠯᠤᠭᠰᠠᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠤᠷᠤᠨ ᠰᠠᠭᠤᠴᠠ ᠪᠠᠭᠲᠠᠨ᠎ᠠ᠂ ᠡᠬᠦᠨ ᠳᠤ ᠬᠤᠳᠠᠯᠳᠤᠨ ᠠᠪᠬᠤ᠂ ᠳᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ ᠣᠯᠤᠭᠰᠠᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠬᠡᠷ ᠪᠠᠶᠢᠰᠢᠩ ᠪᠠᠭᠲᠠᠨ᠎ᠠ᠃ ᠨᠡᠷ᠎ᠡ ᠮᠡᠳᠡᠭᠦᠯᠬᠦ ᠳᠡᠭᠡᠨ ᠭᠡᠷ ᠬᠦᠷᠦᠩᠭᠡ ᠶᠢᠨ ᠦᠨᠡᠮᠯᠡᠯ᠂ ᠭᠡᠷ ᠬᠤᠳᠠᠯᠳᠤᠨ ᠠᠪᠤᠭᠰᠠᠨ ᠭᠡᠷ᠎ᠡ᠂ ᠭᠡᠷ ᠪᠠᠶᠢᠰᠢᠩ ᠳᠦᠷᠢᠶᠡᠰᠦᠯᠡᠭᠰᠡᠨ ᠭᠡᠷ᠎ᠡ ᠵᠡᠷᠭᠡ ᠭᠡᠷᠡᠴᠢ ᠮᠠᠲ᠋ᠧᠷᠢᠶᠠᠯ ᠢ ᠦᠵᠡᠭᠦᠯᠬᠦ ᠶᠢᠨ ᠬᠠᠮᠲᠤ ᠰᠤᠮᠤ᠂ ᠰᠢᠶᠠᠩ ᠪᠠᠯᠭᠠᠰᠤ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠢᠵᠤ ᠥᠭᠭᠦᠭᠰᠡᠨ ᠳᠡᠭᠡᠷ᠎ᠡ ᠳᠤᠷᠠᠳᠤᠭᠰᠠᠨ ᠭᠡᠷ ᠪᠠᠶᠢᠰᠢᠩ ᠤᠨ ᠪᠣᠳᠠᠲᠠᠶ ᠣᠷᠣᠰᠢᠨ ᠰᠠᠭᠤᠵᠤ ᠡᠬᠢᠯᠡᠭᠰᠡᠨ ᠪᠠ ᠲᠡᠭᠦᠰᠦᠭᠰᠡᠨ ᠴᠠᠭ ᠬᠤᠭᠤᠴᠠᠭ᠎ᠠ ᠶᠢᠨ ᠭᠡᠷᠡᠴᠢ ᠪᠣᠯᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠬᠤᠯᠪᠤᠭᠳᠠᠬᠤ ᠴᠠᠭ ᠬᠤᠭᠤᠴᠠᠭᠠᠨ ᠤ ᠳᠤᠲᠤᠷᠠᠬᠢ ᠡᠯ᠎ᠡ ᠤᠨ ᠢᠶᠠᠷ ᠬᠡᠷᠡᠭᠯᠡᠭᠰᠡᠨ ᠴᠠᠬᠢᠯᠭᠠᠨ᠂ ᠤᠰᠤᠨ ᠤ ᠰᠦᠢᠳᠬᠡᠯ ᠲᠤᠰᠢᠶᠠᠭᠰᠠᠨ ᠪᠠᠷᠢᠮᠲᠠ ᠦᠨᠡᠮᠯᠡᠯ ︵ᠣᠷᠣᠨ ᠤ ᠭᠠᠳᠠᠨᠠᠬᠢ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠬᠡᠤᠬᠡᠳ ᠮᠥᠨ ᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠭᠦᠨ ᠳᠤ ᠪᠠ ᠲᠡᠳᠡᠨ ᠤ ᠭᠡᠷ ᠤᠨ ᠠᠬᠠᠮᠠᠳ ᠲᠤ ᠬᠢᠨᠠᠨ ᠣᠯᠭᠤᠭᠰᠠᠨ ᠬᠠᠷᠢᠴᠠᠩᠭᠤᠢ ᠪᠦᠬᠦᠢ ᠣᠨ ᠤ ︽ᠲᠦᠷ ᠰᠠᠭᠤᠬᠤ ᠦᠨᠡᠮᠯᠡᠯ︾ ᠪᠤᠶᠤ ︽ᠣᠷᠣᠨ ᠰᠠᠭᠤᠴᠠ ᠶᠢᠨ ᠦᠨᠡᠮᠯᠡᠯ︾ ᠢ ᠬᠠᠨᠭ᠍ᠭᠠᠬᠤ ᠴᠢᠬᠤᠯᠠᠲᠠᠢ︶ ᠢ ᠦᠵᠡᠬᠦᠯᠬᠦ ᠴᠢᠬᠤᠯᠠᠲᠠᠢ᠃ 2017 ᠣᠨ ᠠᠴᠠ ᠡᠬᠢᠯᠡᠨ᠂ ᠲᠦᠷᠢᠶᠡᠰᠦᠨ ᠭᠡᠷ ᠪᠠᠶᠢᠰᠢᠩ ᠨᠢ ᠡᠷᠬᠡᠪᠰᠢ ᠲᠤᠬᠠᠶ ᠶᠢᠨ ᠭᠠᠵᠠᠷ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠦᠷᠢᠶᠡᠰᠦᠯᠡᠬᠦ ᠪᠠᠷ ᠪᠦᠷᠢᠳᠬᠡᠭᠦᠯᠦᠨ ᠳᠠᠩᠰᠠᠯᠠᠭᠤᠯᠤᠭᠰᠠᠨ ᠭᠡᠷ ᠪᠠᠶᠢᠰᠢᠩ ᠪᠠᠶᠢᠬᠤ ᠬᠡᠷᠡᠭᠲᠠᠢ᠃      ᠬᠠᠤᠯᠢ ᠳᠤ ᠨᠡᠶᠢᠴᠡᠭᠰᠡᠨ ᠡᠷᠬᠢᠯᠡᠭᠰᠡᠨ ᠠᠵᠢᠯ ᠢ ᠵᠠᠭᠠᠭᠯᠠᠨ ᠲᠣᠭᠲᠠᠭᠠᠭᠰᠠᠨ ᠨᠢ᠄      ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ ᠨᠡᠶᠢᠲᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠤᠰᠤ ᠨᠢᠭᠡᠴᠡ ᠵᠡᠷᠭᠡ ᠬᠠᠤᠯᠢ ᠶᠢᠨ ᠡᠷᠭᠡᠲᠡᠨ ᠤ ᠬᠢᠷᠢ ᠬᠡᠮ ᠲᠠᠢ ᠪᠠᠶᠢᠭᠤᠯᠤᠮᠵᠢ ᠳᠤ ᠵᠢᠩᠬᠢᠨᠢ ᠪᠠᠷ ᠡᠯᠰᠡᠭᠳᠡᠵᠤ ︵ ᠤᠷᠢᠭᠳᠠᠭᠰᠠᠨ︶ ᠬᠡᠷᠡᠭᠯᠡᠭᠳᠡᠭᠰᠡᠨ ᠪᠤᠯ᠂ ᠡᠷᠬᠡᠪᠰᠢ ᠲᠤᠰ ᠨᠢᠭᠡᠴᠡ ᠶᠢᠨ ᠢᠶᠠᠨ ᠡᠯᠰᠡᠵᠦ ︵ᠤᠷᠢᠵᠤ︶ ᠬᠡᠷᠡᠭᠯᠡᠭᠰᠡᠨ ᠭᠡᠷᠡᠴᠢ ᠪᠤᠯᠤᠨ ᠴᠠᠯᠢᠩ ᠤᠨ ᠭᠡᠷᠡᠴᠢ ᠶᠢ ᠦᠵᠡᠭᠦᠯᠬᠦ ᠶᠢᠨ ᠬᠠᠮᠲᠤ ᠬᠠᠮᠢᠶ᠎ᠠ ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ ᠢ ᠬᠠᠨᠭ᠍ᠭᠠᠬᠤ ᠬᠡᠷᠡᠭᠲᠠᠢ︔ ᠬᠠᠤᠯᠢ ᠶᠣᠰᠣᠭᠠᠷ ᠬᠥᠮᠦᠨ ᠬᠡᠷᠡᠭᠯᠡᠬᠦ ᠨᠢᠭᠡᠴᠡ ᠲᠠᠢ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ ᠪᠤᠯ᠂ ᠡᠷᠬᠡᠪᠰᠢ ᠬᠥᠳᠡᠯᠮᠦᠷᠢ ᠶᠢᠨ ᠭᠡᠷ᠎ᠡ ᠶᠢᠨ ᠤᠭ  ᠮᠠᠲ᠋ᠧᠷᠢᠶᠠᠯ ᠪᠤᠯᠤᠨ ᠳᠠᠭᠠᠳᠬᠠᠯ ᠳᠤ ᠤᠷᠤᠯᠴᠠᠭᠰᠠᠨ ᠬᠡᠷᠡᠴᠢ ᠶᠢ ᠦᠵᠡᠬᠦᠯᠬᠦ ᠶᠢᠨ ᠬᠠᠮᠲᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ ᠢ ᠬᠠᠨᠭ᠍ᠭᠠᠬᠤ ᠭᠡᠷᠡᠭᠲᠠᠢ︔ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠣᠯᠵᠤ᠂ ᠬᠠᠤᠯᠢ ᠶᠣᠰᠣᠨ ᠤ ᠲᠣᠭᠲᠠᠪᠤᠷᠢᠲᠠᠶ ᠡᠵᠡᠩᠨᠡᠯᠲᠡ ᠶᠢᠨ ᠲᠠᠯᠠᠪᠤᠷ ᠭᠠᠵᠠᠷ ᠲᠠᠢ ᠪᠥᠭᠡᠳ ᠬᠠᠤᠯᠢ ᠶᠣᠰᠣᠭᠠᠷ ᠡᠵᠡᠩᠨᠡᠵᠤ ᠪᠠᠶᠢᠭ᠎ᠠ ᠪᠤᠯ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠤᠨ ᠤᠭ ᠮᠠᠲ᠋ᠧᠷᠢᠶᠠᠯ ᠪᠤᠯᠤᠨ ᠭᠠᠶᠢᠯᠢ ᠲᠤᠰᠢᠶᠠᠭᠰᠠᠨ ᠭᠡᠷᠡᠴᠢ ᠶᠢ ᠦᠵᠡᠬᠦᠯᠬᠦ ᠶᠢᠨ ᠬᠠᠮᠲᠤ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠰᠠᠨᠠᠯ ᠢ ᠬᠠᠨᠭ᠍ᠭᠠᠬᠤ ᠬᠡᠷᠡᠭᠲᠠᠢ︔ ᠠᠮᠢᠳᠤᠯᠢᠭ ᠠᠵᠢᠯ ᠲᠠᠢ ᠪᠤᠯ᠂ ᠡᠷᠬᠡᠪᠰᠢ ᠤᠳᠤ ᠰᠠᠭᠤᠭ᠎ᠠ ᠭᠠᠵᠠᠷ ᠤᠨ ᠰᠤᠮᠤ᠂ ᠰᠢᠶᠠᠩ ᠪᠠᠯᠭᠠᠰᠤ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠵᠤ ᠦᠭᠭᠦᠭᠰᠡᠨ ᠠᠵᠢᠯ ᠡᠷᠬᠢᠯᠡᠬᠦ ᠭᠡᠷᠡᠴᠢ ᠶᠢ ᠦᠵᠡᠬᠦᠯᠬᠦ ᠬᠡᠷᠡᠭᠲᠡᠶ᠃        ᠭᠠᠶᠢᠯᠢ ᠲᠤᠰᠢᠶᠠᠭᠰᠠᠨ ᠵᠢᠴᠢ ᠨᠡᠶᠢᠭᠡᠮ ᠤᠨ ᠳᠠᠭᠠᠳᠬᠠᠯ ᠤᠨ ᠲᠤᠬᠠᠶ ᠵᠠᠭᠠᠭᠯᠠᠨ ᠲᠣᠭᠲᠠᠭᠠᠭᠰᠠᠨ ᠭᠠᠶᠢᠯᠢ ᠲᠤᠰᠢᠶᠠᠭᠰᠠᠨ ᠭᠡᠷᠡᠴᠢ ᠳᠤ ᠳᠣᠣᠷᠠᠬᠢ ᠬᠡᠳᠦᠨ ᠵᠦᠢᠯ ᠪᠠᠭᠲᠠᠨ᠎ᠠ᠄      ᠭᠠᠶᠢᠯᠢ ᠲᠤᠰᠢᠶᠠᠭᠴᠢ ᠶᠢᠨ ᠲᠤᠰᠢᠶᠠᠭᠰᠠᠨ ᠬᠤᠰᠢᠭᠤ ︵ᠰᠢᠶᠠᠨ᠂ ᠬᠤᠲᠠ᠂ ᠲᠣᠭᠤᠷᠢᠭ︶ ᠵᠢᠴᠢ ᠲᠡᠭᠦᠨ ᠠᠴᠠ ᠳᠡᠭᠡᠭᠰᠢᠬᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠵᠦ ᠥᠭᠭᠦᠭᠰᠡᠨ ᠬᠤᠪᠢ ᠬᠥᠮᠦᠨ ᠤ ᠣᠷᠣᠯᠭ᠎ᠠ ᠶᠢᠨ ᠭᠠᠶᠢᠯᠢ ᠲᠤᠰᠢᠶᠠᠭᠰᠠᠨ ᠭᠡᠷᠡᠴᠢ ᠪᠤᠶᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠤᠰᠢᠶᠠᠭᠰᠠᠨ ᠡᠯ᠎ᠡ ᠵᠦᠢᠯ ᠤᠨ ᠭᠠᠶᠢᠯᠢ ᠶᠢᠨ ᠮᠥᠩᠭᠦ ᠲᠤᠰᠢᠶᠠᠭᠰᠠᠨ ᠭᠡᠷᠡᠴᠢ ᠪᠠᠷᠢᠮᠲᠠ︔ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠭᠠᠶᠢᠯᠢ  ᠠᠴᠠ ᠬᠡᠯᠲᠦᠷᠢᠭᠦᠯᠦᠭᠰᠡᠨ ᠡᠲᠡᠭᠡᠳ ᠤᠨ ᠳᠡᠪᠰᠢᠭᠦᠯᠦᠭᠰᠡᠨ ᠠᠵᠤ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠪᠤᠶᠤ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠵᠢᠴᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠡᠷᠡᠴᠢ ᠪᠢᠴᠢᠭ ᠪᠠᠶᠢᠬᠤ ᠬᠡᠷᠡᠭᠲᠡᠢ᠃ ᠳᠡᠭᠡᠷᠡᠬᠢ ᠭᠡᠷᠡᠴᠢ ᠮᠠᠲ᠋ᠧᠷᠢᠶᠠᠯ ᠤᠨ ᠲᠣᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠰᠤᠷᠭᠠᠭᠤᠯᠢ ᠶᠢᠨ ᠬᠠᠷᠢᠶᠠᠯᠠᠯ ᠪᠣᠯᠤᠨ ᠨᠢᠭᠡ ᠰᠤᠷᠭᠠᠭᠤᠯᠢ ᠳᠤ ᠥᠷᠭᠦᠯᠵᠢᠯᠡᠨ ᠰᠤᠷᠤᠯᠴᠠᠭᠰᠠᠨ ᠢ ᠵᠠᠭᠠᠭᠯᠠᠨ ᠲᠣᠭᠲᠠᠭᠠᠭᠰᠠᠨ ᠨᠢ᠄      ᠰᠤᠷᠭᠠᠭᠤᠯᠢ ᠶᠢᠨ ᠬᠠᠷᠢᠶᠠᠯᠠᠯ ᠨᠢ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠦ ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠠᠷᠢᠶᠠᠯᠠᠭᠳᠠᠵᠤ ᠪᠠᠶᠢᠭ᠎ᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔ ᠰᠢᠯᠭᠠᠭᠤᠯᠤᠭᠴᠢ ᠡᠷᠬᠡᠪᠰᠢ ᠨᠢᠭᠡ ᠰᠤᠷᠭᠠᠭᠤᠯᠢ ᠳᠤ ᠦᠷᠭᠦᠯᠵᠢᠯᠡᠨ ᠰᠤᠷᠤᠯᠴᠠᠭᠰᠠᠨ ᠪᠠᠶᠢᠬᠤ ᠬᠡᠷᠡᠭᠲᠡᠢ᠃ ᠰᠤᠷᠭᠠᠭᠤᠯᠢ ᠶᠢᠨ ᠬᠠᠷᠢᠶᠠᠯᠠᠯ ᠪᠤᠶᠤ  ᠰᠤᠷᠤᠯᠴᠠᠭᠰᠠᠨ ᠪᠠᠶᠢᠳᠠᠯ ᠨᠢ ᠲᠠᠰᠤᠯᠳᠠᠩᠭᠤᠢ ᠪᠠᠶᠢᠬᠤ ᠳᠤ ᠬᠦᠷᠪᠡᠯ ᠲᠤᠰ ᠵᠠᠭᠠᠭᠯᠠᠨ ᠲᠣᠭᠲᠠᠭᠠᠯᠲᠠ ᠳᠤ ᠨᠡᠶᠢᠴᠡᠬᠦ ᠦᠭᠡᠢ ᠪᠣᠯᠣᠨ᠎ᠠ᠃ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠳᠤᠮᠳᠠᠳᠤ ᠶᠢᠨ ᠰᠤᠷᠭᠠᠭᠤᠯᠢ ᠶᠢᠨ ᠬᠠᠷᠢᠶᠠᠯᠠᠯ ᠣᠯᠣᠭᠰᠠᠨ ᠮᠥᠷᠲᠡᠭᠡᠨ ᠦᠷᠭᠦᠯᠵᠢᠯᠡᠨ ᠰᠤᠷᠤᠯᠴᠠᠭᠰᠠᠨ ᠰᠤᠷᠤᠭᠴᠢᠳ ᠡᠷᠬᠡᠪᠰᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ ᠭᠠᠷᠳᠠᠮ ᠪᠠᠶᠢᠬᠤ ᠬᠡᠷᠡᠭᠲᠡᠢ᠃       ᠡᠭᠦᠨ ᠠᠴᠠ ᠠᠰᠳᠠᠭᠠᠨ ᠲᠣᠭᠲᠠᠭᠠᠭᠰᠠᠨ ᠨᠢ᠄      ᠨᠡᠷ᠎ᠡ ᠮᠡᠳᠡᠭᠦᠯᠬᠦ ᠳᠤ᠂ ᠰᠢᠯᠭᠠᠭᠤᠯᠬᠤ ᠲᠥᠷᠥᠯ ᠳᠤ ᠬᠦᠳᠡᠯᠭᠡᠭᠡᠨ ᠤ ᠪᠣᠯᠪᠠᠰᠤᠷᠠᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠢ ᠰᠤᠩᠭᠤᠭᠰᠠᠨ ᠰᠢᠯᠭᠠᠭᠤᠯᠤᠭᠴᠢ ᠳᠤ ᠪᠣᠯ᠂ ᠭᠡᠷ ᠤᠨ ᠠᠬᠠᠮᠠᠳ ᠬᠢᠨᠢ ᠪᠦᠷᠢᠯᠳᠦᠭᠦᠯᠬᠦ ᠨᠥᠬᠦᠴᠡᠯ ᠢ ᠲᠦᠷ ᠱᠠᠭᠠᠷᠳᠠᠬᠤ ᠦᠭᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠦᠷ᠎ᠡ ᠬᠡᠦᠬᠡᠳ ᠪᠣᠯᠬᠤ ᠰᠢᠯᠭᠠᠭᠤᠯᠤᠭᠴᠢ ᠶᠢᠨ ᠭᠡᠷ ᠤᠨ ᠠᠬᠠᠮᠠᠳ ᠢ ᠪᠣᠯ ᠭᠠᠶᠢᠯᠢ ᠲᠤᠰᠢᠶᠠᠭᠰᠠᠨ ᠪᠤᠶᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠱᠠᠭᠠᠷᠳᠠᠯᠭ᠎ᠠ ᠳᠤᠷᠠᠳᠬᠤ ᠦᠭᠡᠢ᠂ ᠭᠡᠪᠡᠴᠦ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠬᠠᠮᠢᠶ᠎ᠠ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷᠡᠴᠢ ᠶᠢ ᠬᠠᠩᠭᠠᠬᠤ ᠬᠡᠷᠡᠭᠲᠡᠢ᠃ ᠲᠤᠰ ᠬᠥᠮᠦᠨ ᠬᠢᠭᠡᠳ  ᠭᠡᠷ ᠤᠨ ᠠᠬᠠᠮᠠᠳ ᠤᠨ ᠡᠷᠦᠬᠡ ᠠᠮᠠ ᠶᠢᠨ ᠳᠠᠩᠰᠠ ᠨᠢ ᠨᠢᠭᠡ ᠡᠷᠦᠬᠡ ᠠᠮᠠ ᠶᠢᠨ ᠳᠡᠪᠲᠡᠷ ᠲᠤ ᠪᠠᠶᠢᠬᠤ ᠦᠭᠡᠢ ᠰᠢᠯᠭᠠᠭᠤᠯᠤᠭᠴᠢ ᠪᠣᠯ᠂ ︽ᠲᠦᠷᠦᠯᠲᠡ ᠶᠢᠨ ᠭᠡᠷᠡᠴᠢ︾ ᠪᠠᠨ ᠲᠤᠰᠢᠶᠠᠬᠤ ᠬᠡᠷᠡᠭᠲᠡᠶ᠃ ᠬᠡᠷᠪᠡ ︽ᠲᠦᠷᠦᠯᠲᠡ ᠶᠢᠨ ᠭᠡᠷᠡᠴᠢ︾ ᠪᠠᠶᠢᠬᠤ ᠦᠭᠡᠢ ᠪᠣᠯ᠂ ᠭᠡᠷ ᠤᠨ ᠠᠬᠠᠮᠠᠳ ᠤᠨ ᠢᠶᠠᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠵᠦ ᠥᠭᠭᠦᠭᠰᠡᠨ ᠬᠤᠶᠠᠷ ᠡᠲᠡᠭᠡᠳ ᠤᠨ ᠬᠠᠷᠢᠴᠠᠭ᠎ᠠ ᠶᠢᠨ ᠭᠡᠷᠡᠴᠢ ᠶᠢ ᠲᠤᠰᠢᠶᠠᠬᠤ ᠬᠡᠷᠡᠭᠲᠡᠢ᠃ ᠡᠴᠢᠭᠡ ᠡᠬᠡ ᠠᠴᠠ ᠨᠢ ᠪᠤᠰᠤᠳ ᠬᠥᠮᠦᠨ ᠬᠢᠨᠠᠨ ᠬᠠᠮᠢᠶᠠᠷᠴᠤ ᠪᠠᠶᠢᠭ᠎ᠠ  ᠰᠢᠯᠭᠠᠭᠤᠯᠤᠭᠴᠢ ᠪᠣᠯ᠂ ᠡᠷᠬᠡᠪᠰᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠭᠦᠨ ᠤ ᠡᠴᠢᠭᠡ ᠡᠭᠡ ᠨᠢ ᠦᠬᠦᠭᠰᠡᠨ ᠪᠤᠶᠤ ᠬᠢᠨᠠᠨ ᠬᠠᠮᠠᠭᠠᠯᠠᠬᠤ ᠴᠢᠳᠠᠪᠤᠷᠢ ᠦᠭᠡᠢ ᠪᠠᠶᠢᠭ᠎ᠠ ᠬᠠᠮᠢᠶ᠎ᠠ ᠪᠦᠬᠦᠢ ᠭᠡᠷᠡᠴᠢ ᠬᠠᠩᠭᠠᠬᠤ ᠶᠢᠨ ᠬᠠᠮᠲᠤ ᠬᠢᠨᠠᠨ ᠬᠠᠮᠠᠭᠠᠯᠠᠭᠴᠢ ᠶᠢᠨ ᠪᠡᠶ᠎ᠡ ᠶᠢᠨ ᠭᠡᠷᠡᠴᠢ ᠬᠢᠵᠦ ᠥᠭᠬᠦ ᠬᠡᠷᠡᠭᠲᠡᠶ᠃ ᠬᠡᠷᠪᠡ ᠰᠢᠯᠭᠠᠭᠤᠯᠤᠭᠴᠢ ᠶᠢᠨ ᠭᠡᠷ ᠤᠨ ᠠᠬᠠᠮᠠᠳ ᠤᠨ ᠠᠵᠢᠯ ᠬᠢᠵᠦ ᠪᠠᠶᠢᠭ᠎ᠠ ᠰᠢᠯᠵᠢᠨ  ᠣᠴᠢᠭᠰᠠᠨ ᠭᠠᠵᠠᠷ ᠪᠤᠶᠤ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ᠂ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠭᠠᠶᠢᠯᠢ ᠲᠤᠰᠢᠶᠠᠭᠰᠠᠨ ᠭᠠᠵᠠᠷ ᠨᠢ ᠰᠢᠯᠭᠠᠭᠤᠯᠤᠭᠴᠢ ᠶᠢᠨ ᠰᠤᠷᠭᠠᠭᠤᠯᠢ ᠶᠢᠨ  ᠬᠠᠷᠢᠶᠠᠯᠠᠯ ᠵᠢᠴᠢ ᠦᠷᠭᠦᠯᠵᠢᠯᠡᠨ ᠰᠤᠷᠤᠯᠴᠠᠵᠤ ᠪᠠᠶᠢᠭ᠎ᠠ ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠨᠢ ᠨᠢᠭᠡ ᠠᠶᠢᠮᠠᠭ ᠬᠤᠳᠠ ᠳᠤ ᠪᠠᠶᠢᠭ᠎ᠠ ᠦᠭᠡᠢ ᠪᠣᠯ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠷ ᠮᠠᠭᠠᠳᠯᠠᠨ ᠲᠣᠭᠲᠠᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ