ᠯᠢ ᠵᠢᠢ ᠾᠧᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠶᠢᠨ ᠵᠦᠪᠯᠡᠯ ᠤᠨ ᠲᠤᠰᠬᠠᠢ ᠰᠡᠳᠦᠪᠳᠤ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2017/5/16
     5 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ᠂ ᠠᠵᠤ ᠠᠬᠤᠢ ᠶᠢᠨ ᠵᠦᠪᠯᠡᠯ ᠤᠨ ᠲᠡᠳ᠋ ᠡᠷᠬᠢᠯᠡᠭᠴᠢ ᠫᠧᠩ ᠰᠢᠶᠤᠤ ᠹᠧᠩ ᠢᠶᠠᠷ ᠲᠤᠭᠤᠶᠢᠯᠠᠩ ᠤᠨ ᠲᠠᠷᠤᠭ᠎ᠠ ᠪᠤᠯᠭᠠᠬᠰᠠᠨ ︽ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠦᠰᠢᠭᠦᠷᠭᠡ ᠶᠢᠨ ᠨᠤᠷᠮ᠎ᠠ ᠶᠢ ᠪᠠᠭᠤᠷᠠᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ︾ ᠲᠤᠰᠬᠠᠢ ᠰᠡᠳᠦᠪᠳᠤ ᠪᠠᠶᠢᠴᠠᠭᠠᠨ ᠰᠤᠳᠤᠯᠬᠤ ᠲᠤᠭᠤᠶᠢᠯᠠᠩ ᠤᠨ ᠬᠢᠨ ᠲᠠᠢ ᠠᠭᠤᠯᠵᠠᠪᠠ᠃      ᠬᠤᠶᠠᠷ ᠲᠠᠯ᠎ᠠ ᠪᠠᠷ ᠢᠶᠠᠨ ᠮᠦᠩᠭᠦᠨ ᠬᠦᠢᠯᠭᠡᠭᠡᠨ ᠡᠳ᠋ ᠤᠨ ᠵᠠᠰᠠᠭ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠦᠰᠢᠭᠦᠷᠭᠡ ᠶᠢᠨ ᠨᠤᠷᠮ᠎ᠠ ᠶᠢ ᠪᠠᠭᠤᠷᠠᠭᠤᠯᠬᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠬᠦᠨᠵᠡᠭᠡᠢ ᠰᠤᠯᠢᠯᠴᠠᠵᠠᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠵᠢᠶᠠᠨ ᠮᠢᠨ᠂ ᠯᠦᠸᠧ ᠶᠦᠩ ᠭᠠᠩ᠂ ᠯᠢᠶᠠᠩ ᠲᠢᠶᠧ ᠴᠧᠩ ᠪᠠ ᠪᠠᠶᠢᠴᠠᠭᠠᠨ ᠰᠤᠳᠤᠯᠬᠤ ᠲᠤᠭᠤᠶᠢᠯᠠᠩ ᠤᠨ ᠪᠦᠷᠢᠯᠳᠦᠭᠦᠨ ᠰᠢᠶᠠᠩ ᠽᠦᠩ ᠰᠢ᠂ ᠵᠠᠩ ᠽᠦᠸᠧ ᠵᠢᠢ᠂ ᠶᠦᠨ ᠬᠦᠩ ᠮᠢᠨ᠂ ᠰᠢᠤᠢ ᠢ ᠹᠠᠨ᠂ ᠵᠤᠤ ᠯᠢᠨ᠂ ᠸᠠᠩ ᠭᠤᠸᠠᠩ ᠴᠢᠶᠠᠨ᠂ ᠫᠧᠩ ᠯᠢ ᠸᠧᠨ ᠨᠠᠷ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号