ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠶ ᠾᠧᠩ ᠲᠥᠪ ᠤᠨ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠰᠠᠨᠠᠯ ᠢᠶᠠᠷ | ᠴᠡᠭᠴᠡᠯᠡᠨ ᠦᠬᠡᠷᠡᠴᠢᠯᠡᠬᠦ ᠶᠢ ᠨᠠᠶᠢᠳᠠᠪᠤᠷᠢᠵᠢᠭᠤᠯᠬᠤ ᠲᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠳᠡᠭᠡᠷ᠎ᠡ | ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠤᠯᠤᠨ ︽ᠥᠪᠡᠷᠲᠡᠭᠡᠨ ᠵᠠᠰᠠᠬᠤ ᠣᠷᠣᠨ ᠤ ᠲᠥᠪ ᠤᠨ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠰᠠᠨᠠᠯ ᠢᠶᠠᠷ | ᠴᠡᠭᠴᠡᠯᠡᠨ ᠦᠭᠡᠷᠡᠴᠢᠯᠡᠬᠦ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠰᠦᠯ︾ ᠤᠨ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯ ᠢ ᠲᠦᠯᠭᠢᠨ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠲᠦᠷᠦᠭᠦᠯᠡᠨ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ | ᠵᠥᠪᠯᠡᠯ᠂ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ | 6 ᠰᠢᠮᠳᠠᠭᠤᠯᠤᠨ ᠪᠠᠶᠢᠴᠠᠭᠠᠬᠤ ᠳᠤᠭᠤᠶᠢᠯᠠᠩ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠡᠯ᠎ᠡ ᠠᠶᠢᠮᠠᠭ | ᠬᠤᠳᠠ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠡᠭᠴᠡᠯᠡᠨ ᠦᠭᠡᠷᠡᠴᠢᠯᠡᠬᠦ ᠡᠭᠦᠷᠭᠡ ᠶᠢ ᠲᠦᠯᠬᠢᠨ | ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ | ᠠᠵᠢᠯᠯᠠᠭ᠎ᠠ ᠦᠷᠨᠢᠬᠦᠯᠪᠡ᠃ | ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ | ᠵᠣᠷᠢᠯᠭ᠎ᠠ ᠨᠢ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠰᠠᠨᠠᠯ ᠢᠶᠠᠷ ᠴᠡᠭᠴᠡᠯᠡᠨ ᠦᠭᠡᠷᠡᠴᠢᠯᠡᠬᠦ ᠶᠢ ᠨᠠᠶᠢᠳᠠᠪᠤᠷᠢᠵᠢᠭᠤᠯᠬᠤ | ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠶᠢᠴᠢᠯᠠᠯᠲᠠ | ᠪᠠᠶᠢᠷᠢᠯᠠᠭᠤᠯᠤᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠪᠠᠶᠢᠳᠠᠯ ᠢ | ᠤᠶᠢᠯᠠᠭᠠᠬᠤ︔ ︽ᠴᠡᠭᠴᠡᠯᠡᠨ ᠦᠭᠡᠷᠡᠴᠢᠯᠡᠬᠦ ᠲᠥᠰᠦᠯ︾ ᠳᠤ ᠵᠢᠭᠰᠠᠭᠠᠭᠰᠠᠨ 49 ᠵᠦᠢᠯ ᠤᠨ ᠴᠡᠭᠴᠡᠯᠡᠨ | ᠦᠬᠡᠷᠡᠴᠢᠯᠡᠬᠦ ᠡᠭᠦᠷᠭᠡ ᠶᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠬᠤ ᠪᠦᠬᠡᠳ | ᠭᠤᠤᠯᠳᠠᠭᠤ ︽ᠴᠡᠭᠴᠡᠯᠡᠨ ᠦᠬᠡᠷᠡᠴᠢᠯᠡᠬᠦ ᠲᠥᠰᠦᠯ︾ ᠳᠤ ᠱᠠᠭᠠᠷᠳᠠᠭᠰᠠᠨ ᠳᠠᠷᠤᠶᠢᠬᠠᠨ ᠬᠡᠷᠡᠭᠵᠢᠭᠦᠯᠵᠦ | ᠥᠭᠡᠷᠡᠴᠢᠯᠡᠬᠦ ᠪᠠ 2017 ᠤᠨ ᠤ 6 ᠳ᠋ᠤᠭᠠᠷ ᠰᠠᠷ᠎ᠠ ᠶᠢᠨ ᠰᠡᠭᠦᠯᠴᠢ ᠪᠤᠯᠲᠠᠯ᠎ᠠ ᠴᠡᠭᠴᠡᠯᠡᠨ ᠦᠬᠡᠷᠡᠴᠢᠯᠡᠬᠦ ᠪᠠᠷ | ᠬᠢᠵᠠᠭᠠᠷᠯᠠᠭᠰᠠᠨ 11 ᠵᠦᠢᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠶᠢᠨ ᠪᠡᠶᠡᠯᠡᠭᠦᠯᠦᠭᠰᠡᠨ ᠪᠠᠶᠢᠳᠠᠯ ᠢ ᠤᠶᠢᠯᠠᠭᠠᠬᠤ | ᠪᠤᠯᠤᠨ᠎ᠠ᠃ ᠰᠢᠮᠳᠠᠭᠤᠯᠤᠨ ᠪᠠᠶᠢᠴᠠᠭᠠᠯᠲᠠ ᠨᠢ ᠬᠠᠷᠢᠭᠤ ᠮᠡᠳᠡᠭᠦᠯᠦᠯᠲᠡ ᠰᠤᠨᠤᠰᠬᠤ᠂ ᠪᠢᠴᠢᠭ ᠮᠠᠲ᠋ᠧᠷᠢᠶᠠᠯ ᠢ | ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠤᠰᠬᠠᠶ ᠰᠤᠷᠪᠤᠯᠵᠢᠯᠠᠨ ᠶᠠᠷᠢᠯᠴᠠᠬᠤ ᠵᠡᠷᠭᠡ | ᠠᠷᠭ᠎ᠠ ᠬᠡᠯᠪᠡᠷᠢ ᠪᠠᠷ ᠠᠵᠢᠯ ᠢᠶᠠᠨ ᠦᠷᠨᠢᠬᠦᠯᠦᠨ᠎ᠡ᠃ ᠰᠢᠮᠳᠠᠭᠤᠯᠤᠨ ᠪᠠᠶᠢᠴᠠᠭᠠᠬᠤ ᠠᠵᠢᠯ ᠨᠢ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳ᠋ᠦᠡᠭᠨᠡᠬᠦ ᠮᠦᠷᠲᠡᠭᠡᠨ | ᠠᠰᠠᠭᠤᠳᠠᠯ ᠢ ᠣᠯᠵᠤ ᠮᠡᠳᠡᠨ ᠴᠤᠭᠯᠠᠭᠤᠯᠬᠤ ᠶᠢ ᠨᠡᠩ ᠴᠢᠬᠤᠯᠠᠴᠢᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ | ᠰᠠᠨᠠᠯ ᠰᠠᠨᠠᠭᠤᠯᠭ᠎ᠠ ᠶᠢ ᠶᠡᠷᠦᠩᠭᠡᠶᠢᠯᠡᠨ ᠬᠤᠷᠢᠶᠠᠩᠭᠤᠶᠢᠯᠠᠨ᠎ᠠ᠃ ᠰᠢᠮᠳᠠᠭᠤᠯᠤᠨ ᠪᠠᠶᠢᠴᠠᠭᠠᠬᠤ ᠠᠵᠢᠯ ᠳᠠᠭᠤᠰᠬᠤ | ᠦᠶ᠎ᠡ ᠳᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠰᠠ ᠬᠠᠷᠢᠭᠤ ᠲᠤᠰᠬᠠᠵᠤ᠂ ᠨᠠᠶᠢᠳᠠᠪᠤᠷᠢᠵᠢᠭᠤᠯᠬᠤ | ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠵᠢᠭᠠᠨ ᠭᠠᠷᠭᠠᠵᠤ᠂ ᠶᠠᠮᠠᠷ ᠶᠠᠮᠠᠷ | ᠠᠰᠠᠭᠤᠳᠠᠯ ᠢ ᠨᠠᠶᠢᠳᠠᠪᠤᠷᠢᠵᠢᠭᠤᠯᠤᠭᠰᠠᠨ ᠦᠭᠡᠢ᠂ ᠠᠯᠢ ᠠᠯᠢ ᠠᠵᠢᠯ ᠤᠨ ᠠᠬᠢᠴᠠ ᠤᠳᠠᠭᠠᠨ ᠪᠠᠶᠢᠬᠤ ᠶᠢ ᠨᠢᠭᠡᠳ | ᠨᠢᠭᠡ ᠪᠠᠷ ᠵᠢᠭᠰᠠᠭᠠᠬᠤ ᠶᠢᠨ ᠬᠠᠮᠲᠤ ᠪᠣᠳᠠᠲᠠᠶ ᠴᠡᠭᠴᠡᠯᠡᠨ ᠦᠭᠡᠷᠡᠴᠢᠯᠡᠬᠦ ᠱᠠᠭᠠᠷᠳᠠᠯᠭ᠎ᠠ ᠳᠤᠷᠠᠳᠤᠨ᠎ᠠ᠃ |