ᠥᠪᠥᠷ ᠮᠣᠩᠭᠤᠯ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠪᠠ
ᠨᠡᠶᠢᠲᠡᠯᠡᠭᠰᠡᠨ ᠴᠠᠭ᠄
2017/5/16
     5 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠬᠤᠶᠢᠨ᠎ᠠ᠂ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠤᠨ ︽ ᠪᠡᠯᠡᠳᠬᠡᠮᠵᠢ ᠶᠢᠨ ᠲᠠᠯ᠎ᠠ ᠪᠠᠷ ᠬᠢ ᠬᠤᠯᠪᠣᠭᠠᠯᠠᠯ ᠢ ᠲᠦᠷᠭᠡᠳᠬᠡᠬᠦ︾ ᠭᠤᠣᠯ ᠰᠡᠳᠦᠪᠲᠦ ᠬᠤᠷᠠᠯ ᠪᠡᠭᠡᠵᠢᠩ ᠤᠨ ᠤᠯᠤᠰ ᠤᠨ ᠬᠤᠷᠠᠯ ᠴᠤᠭᠯᠠᠭᠠᠨ ᠤ ᠲᠥᠪ ᠲᠤ ᠶᠠᠪᠤᠭᠳᠠᠪᠠ᠂ ᠬᠤᠷᠠᠯ ᠨᠢ ︽ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠨ᠂ ᠬᠠᠮᠲᠤ ᠪᠠᠷ ᠴᠡᠴᠡᠭᠯᠡᠨ ᠬᠥᠭᠵᠢᠬᠦ︾᠎ ᠪᠠᠷ ᠭᠤᠣᠯ ᠰᠡᠳᠦᠪ ᠪᠣᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠠᠷᠠᠮᠥ᠋ᠷᠡᠨ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠶᠦᠨᠨᠠᠨ ᠮᠤᠵᠢ ᠬᠤᠷᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ 3 ᠵᠢᠯ ᠤᠨ ᠲᠤᠷᠰᠢ᠂ ᠮᠠᠨ ᠤ ᠣᠷᠣᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠳᠠᠭᠠᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ︽ᠨᠢᠭᠡ ᠪᠦᠰᠡ ᠨᠢᠭᠡ ᠵᠠᠮ︾᠎ ᠤᠨ ᠲᠡᠷᠢᠭᠦᠨ ᠬᠦᠷᠢᠶ᠎ᠡ ᠪᠠ ᠭᠤᠣᠯᠳᠠᠯᠭᠠᠲᠤ ᠴᠢᠭᠯᠡᠯ ᠢᠶᠠᠨ ᠪᠣᠯᠭᠠᠬᠤ ᠶᠢ ᠪᠠᠷᠢᠮᠲᠠᠯᠠᠵᠤ᠂ ᠲᠡᠮᠤᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠪᠣᠭᠤᠮᠲᠠ᠂ ᠴᠠᠬᠢᠯᠭᠠᠨ ᠬᠦᠴᠦᠨ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠢᠳᠡᠪᠬᠢᠲᠡᠶ ᠠᠬᠢᠭᠤᠯᠵᠠᠢ᠃      ᠲᠡᠮᠦᠷ ᠵᠠᠮ ᠤᠨ ᠲᠠᠯ᠎ᠠ ᠪᠠᠷ᠂ ᠴᠢᠬᠡ ᠠᠴᠠ ᠰᠢᠪᠡᠭᠡ ᠬᠦᠷᠦᠨ ᠬᠦᠷᠬᠦ ᠪᠠᠷᠢᠮᠵᠢᠶᠠᠲᠤ ᠵᠠᠮ ᠤᠨ ᠵᠠᠢ ᠲᠠᠢ ᠬᠢᠯᠢ ᠠᠯᠤᠰᠯᠠᠭᠰᠠᠨ ᠠᠩᠬᠠᠳᠠᠭᠴᠢ ᠲᠡᠮᠦᠷ ᠵᠠᠮ ᠢ ᠨᠢᠳᠤᠨᠤᠨ ᠤ 5 ᠳ᠋ᠤᠭᠠᠷ ᠰᠠᠷ᠎ᠠ ᠠᠴᠠ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠡᠷᠢᠶᠡᠨ ᠬᠤᠲᠠ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠢ ᠳᠡᠪᠢᠰᠴᠦ ᠲᠡᠷᠭᠡ ᠨᠡᠪᠳᠡᠷᠡᠪᠡ᠃      ᠵᠠᠰᠠᠮᠠᠯ ᠵᠠᠮ ᠤᠨ ᠲᠠᠯ᠎ᠠ ᠪᠠᠷ᠂ ᠮᠠᠨᠵᠤᠤᠷ ᠠᠴᠠ ᠤᠯᠠᠭᠠᠨ ᠴᠢᠯᠠᠭᠤᠲᠤ ᠵᠠᠰᠠᠮᠠᠯ ᠵᠠᠮ ᠬᠦᠷᠬᠦ ᠥᠭᠡᠷᠡᠴᠢᠯᠡᠯᠲᠡ ᠶᠢᠨ ᠪᠠᠷᠢᠯᠭ᠎ᠠ ᠶᠢ ᠡᠬᠢᠯᠡᠭᠦᠯᠵᠦ᠂ ᠦᠯᠵᠡᠢ ᠠᠴᠠ ᠴᠠᠭᠠᠨ ᠳᠡᠯ ᠠᠭᠤᠯᠠ ᠬᠦᠷᠬᠦ ᠵᠠᠰᠠᠮᠠᠯ ᠵᠠᠮ ᠤᠨ ᠪᠣᠭᠤᠮᠲᠠ ᠶᠢ ᠬᠤᠶᠠᠷ ᠲᠠᠯ᠎ᠠ ᠪᠠᠷ ᠢᠶᠠᠨ ᠴᠣᠬᠤᠯᠠᠪᠤᠷᠢᠯᠠᠨ ᠵᠥᠪᠰᠢᠶᠡᠷᠡᠭᠰᠡᠨ ᠤ ᠬᠠᠮᠲᠤ ᠪᠣᠭᠤᠮᠲᠠ ᠶᠢᠨ ᠬᠢᠯᠢ ᠳᠠᠪᠠᠭ᠋ᠤ ᠴᠢᠭ᠋ ᠢ ᠲᠣᠭᠲᠠᠭᠠᠪᠠ︔ ᠭᠠᠭᠴᠠ ᠮᠣᠳᠣ ᠠᠴᠠ ᠯᠢᠨᠾᠧ ᠬᠦᠷᠬᠦ‍ ᠨᠢᠭᠡ ᠪᠦᠯᠦᠭ ᠵᠠᠰᠠᠮᠠᠯ ᠵᠠᠮ ᠪᠦᠲᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠪᠡ᠃      ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠲᠠᠯ᠎ᠠ ᠪᠠᠷ᠂ ᠣᠷᠳᠣᠰ ᠠᠭᠠᠷ ᠤᠨ ᠲᠡᠭᠡᠭᠡᠪᠦᠷᠢ ᠶᠢᠨ ᠪᠣᠭᠤᠮᠲᠠ ᠵᠥᠪᠰᠢᠶᠡᠷᠡᠭᠳᠡᠵᠦ᠂ ᠡᠷᠢᠶᠡᠨ ᠬᠤᠳᠠ᠂ ᠪᠣᠭᠤᠲᠤ᠂ ᠷᠠᠰᠢᠶᠠᠨ ᠤ ᠠᠭᠠᠷ ᠤᠨ ᠲᠡᠭᠡᠭᠡᠪᠦᠷᠢ ᠶᠢᠨ ᠪᠣᠭᠤᠮᠲᠠ ᠶᠢ ᠲᠦᠷ ᠴᠠᠭ ᠨᠡᠪᠲᠡᠷᠡᠭᠦᠯᠬᠦ ᠶᠢ ᠪᠡᠶᠡᠯᠡᠭᠦᠯᠪᠡ᠃ 2016 ᠣᠨ ᠳᠤ ᠮᠣᠩᠭᠤᠯ᠂ ᠣᠷᠣᠰ ᠤᠨ ᠠᠭᠠᠷ ᠤᠨ ᠠᠶᠠᠯᠠᠯ ᠤᠨ 6 ᠱᠤᠭᠤᠮ ᠢ ᠨᠡᠪᠲᠡᠷᠡᠭᠦᠯᠵᠦ᠂ ᠡᠭᠦᠨ ᠳᠤ ᠬᠥᠬᠡᠬᠤᠲᠠ ᠠᠴᠠ ᠤᠯᠠᠭᠠᠨᠪᠠᠭᠠᠲᠤᠷ ᠬᠦᠷᠬᠦ ᠠᠭᠠᠷ ᠤᠨ ᠠᠶᠠᠯᠠᠯ ᠤᠨ ᠱᠤᠭᠤᠮ ᠨᠢ ᠪᠦᠬᠦ ᠵᠢᠯ ᠳᠤ 300 ᠰᠢᠬᠠᠮ ᠤᠳᠠᠭ᠎ᠠ ᠨᠢᠰᠴᠦ᠂ 1.1 ᠲᠦᠮᠡᠨ ᠬᠤᠪᠢ ᠲᠦᠷᠭᠡᠨ ᠢᠯᠡᠭᠡᠮᠵᠢ ᠶᠢ ᠢᠯᠡᠭᠡᠪᠡ᠃      ᠪᠣᠭᠤᠮᠲᠠ ᠶᠢᠨ ᠲᠠᠯ᠎ᠠ ᠪᠠᠷ᠂ ᠮᠠᠨᠳᠤᠯ ᠪᠣᠭᠤᠮᠲᠠ ᠶᠢ ︽ᠲᠠᠪᠤ ᠣᠷᠣᠭᠤᠯᠵᠤ ᠲᠠᠪᠤ ᠭᠠᠷᠭᠠᠬᠤ︾ ᠪᠠᠷᠠᠭᠠᠨ ᠤ ᠵᠥᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠪᠣᠯᠭᠠᠵᠤ᠂ ᠵᠢᠯ ᠲᠤᠷᠰᠢ ᠨᠡᠪᠲᠡᠷᠡᠭᠦᠯᠪᠡ᠃ ᠮᠠᠨᠵᠤᠤᠷ ᠪᠣᠭᠤᠮᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠪᠠ ᠪᠠᠷᠠᠭ᠎ᠠ ᠶᠢᠨ ᠲᠡᠭᠡᠭᠡᠪᠦᠷᠢ ᠶᠢᠨ ᠨᠡᠪᠳᠡᠷᠡᠯ ᠵᠠᠮ ᠤᠨ ︽ᠨᠢᠭᠡ ᠯᠡ ᠴᠣᠩᠬᠤᠪᠴᠢ︾᠎ ᠶᠢ ᠤᠳᠠᠯ ᠦᠭᠡᠢ ᠪᠦᠭᠦ ᠲᠠᠯ᠎ᠠ ᠪᠠᠷ ᠰᠦᠯᠵᠢᠶᠡᠨ ᠳᠤ ᠬᠤᠯᠪᠣᠨ ᠠᠵᠢᠭᠯᠠᠭᠤᠯᠬᠤ ᠪᠠᠷ ᠪᠠᠶᠢᠵᠤ᠂ ᠪᠦᠬᠦ ᠤᠯᠤᠰ ᠤᠨ ᠬᠠᠭᠤᠷᠠᠶ ᠵᠠᠮ ᠤᠨ ᠪᠣᠭᠤᠮᠲᠠ ᠳᠤ ᠲᠦᠷᠦᠭᠦᠯᠡᠬᠦ ᠪᠠᠶᠢᠷᠢ ᠶᠢ ᠡᠵᠡᠯᠡᠪᠡ᠃ ᠡᠷᠢᠶᠡᠨ ᠬᠤᠲᠠ ︽ᠭᠤᠷᠪᠠᠨ ᠬᠠᠷᠢᠯᠴᠠᠬᠤ︾ ᠪᠣᠭᠤᠮᠲᠠ ᠥᠩᠭᠡᠷᠡᠬᠦ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠬᠢᠵᠦ᠂ ᠠᠶᠠᠨᠴᠢᠳ ᠢ ᠪᠠᠶᠢᠴᠠᠭᠠᠬᠤ ᠠᠤᠲ᠋ᠤ᠋ ᠪᠣᠭᠤᠮᠲᠠ ᠥᠩᠭᠡᠷᠡᠬᠦ ᠵᠠᠮ ᠢ ᠨᠡᠭᠡᠭᠡᠵᠦ᠂ ᠬᠥᠮᠦᠨ᠂ ᠲᠡᠷᠭᠡ ᠶᠢᠨ ᠪᠣᠭᠤᠮᠲᠠ ᠥᠩᠭᠡᠷᠡᠬᠦ ᠴᠠᠭ ᠢ 40%᠎ ᠠᠴᠠ ᠳᠡᠭᠡᠭᠰᠢ ᠪᠣᠭᠤᠨᠢᠰᠬᠠᠵᠤ᠂ ᠪᠣᠭᠤᠮᠲᠠ ᠥᠩᠭᠡᠷᠡᠬᠦ ᠲᠥᠬᠦᠮᠴᠢᠯᠡᠯᠲᠡ ᠶᠢ ᠶᠡᠬᠡᠪᠡᠷ ᠳᠡᠭᠡᠭᠰᠢᠯᠡᠭᠦᠯᠪᠡ᠃      ᠴᠠᠬᠢᠯᠭᠠᠨ ᠬᠦᠴᠦᠨ ᠤ ᠲᠠᠯ᠎ᠠ ᠪᠠᠷ᠂ ᠥᠪᠥᠷ ᠮᠣᠩᠭᠤᠯ ᠮᠣᠩᠭᠤᠯ ᠤᠯᠤᠰ ᠲᠤ ᠬᠦᠷᠭᠡᠬᠦ ᠴᠠᠬᠢᠯᠭᠠᠨ ᠬᠦᠴᠦᠨ ᠤ ᠭᠠᠷᠭᠠᠯᠲᠠ ᠶᠢᠨ 7 ᠵᠤᠷᠪᠤᠰ ᠨᠡᠪᠳᠡᠷᠡᠯ ᠵᠠᠮ ᠢ ᠨᠡᠬᠡᠬᠡᠪᠡ᠃ ᠡᠨᠡ ᠵᠢᠯ ᠤᠨ ᠲᠦᠷᠦᠭᠦᠦ 4 ᠰᠠᠷ᠎ᠠ ᠳᠤ᠂ ᠮᠠᠨ ᠤ ᠣᠷᠣᠨ ᠮᠣᠩᠭᠤᠯ ᠤᠯᠤᠰ ᠲᠤ 10378.711 ᠲᠦᠮᠡᠨ ᠺᠢᠯᠣᠸᠠᠲ ᠴᠠᠭ ᠤᠨ ᠴᠠᠬᠢᠯᠭᠠᠨ ᠪᠣᠷᠣᠯᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 595.091 ᠲᠦᠮᠡᠨ ᠺᠢᠯᠣᠸᠠᠲ ᠴᠠᠭ ᠨᠡᠮᠡᠭᠳᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号