ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠠᠮ ᠬᠠᠷᠢᠯᠴᠠᠭᠠᠨ ᠤ ᠴᠢᠬᠤᠯᠠ ᠲᠤᠮᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ 3 ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/5/17
     ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠴᠢᠬᠤᠯᠠ ᠲᠤᠮᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠃      ᠣᠶᠢᠷ᠎ᠠ ᠶᠢᠨ ᠵᠢᠯ ᠳᠤ᠂ ᠮᠠᠨ ᠤ ᠣᠷᠣᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶ᠎ᠡ ᠲᠠᠰᠤᠷᠠᠯᠳᠠ ᠦᠭᠡᠢ ᠲᠡᠭᠦᠯᠳᠡᠷᠵᠢᠵᠦ᠂ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠪᠠᠯᠠ ᠣᠷᠣᠭᠤᠯᠤᠯᠲᠠ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠲᠠᠯ᠎ᠠ ᠪᠠᠷ ᠮᠡᠳᠡᠭᠳᠡᠬᠦ᠋ᠢᠴᠡ ᠦᠢᠯᠡᠳᠦᠯ ᠪᠠᠳᠠᠷᠠᠭᠤᠯᠵᠤ ᠪᠠᠶᠢᠨ᠎ᠠ᠃ ᠭᠡᠪᠡᠴᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠬᠠᠷᠢᠴᠠᠭᠤᠯᠪᠠᠯ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠲᠣᠣᠷ ᠰᠦᠯᠵᠢᠶᠡᠨ ᠤ ᠨᠢᠭᠲᠠᠴᠠ᠂ ᠬᠠᠮᠤᠷᠬᠤ ᠬᠡᠪᠴᠢᠶ᠎ᠡ᠂ ᠴᠢᠨᠠᠷ ᠴᠢᠨᠰᠠᠭ᠎ᠠ ᠶᠢᠨ ᠬᠢᠷᠢ ᠲᠦᠪᠰᠢᠨ ᠵᠡᠷᠭᠡ ᠲᠠᠯ᠎ᠠ ᠪᠠᠷ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠴᠢᠬᠤᠯᠠ ᠶᠡᠭᠡ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠤᠳᠠᠭᠠᠰᠢᠷᠠᠵᠤ᠂ ᠲᠦᠷᠦᠯ ᠵᠦᠢᠯ ᠤᠨ ᠨᠥᠭᠡᠴᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠥᠨ ᠯᠡ ᠨᠡᠯᠢᠶᠡᠳ ᠳᠤᠪᠤᠶᠢᠮ᠎ᠠ ᠪᠠᠶᠢᠵᠤ᠂ ᠨᠢᠭᠡ ᠪᠦᠯᠦᠭ ᠪᠣᠳᠠᠲᠤ ᠬᠡᠷᠡᠭᠴᠡᠭᠡ ᠪᠠᠷ ᠲᠤᠯᠭᠠᠮ᠎ᠠ᠂ ᠰᠠᠭᠤᠷᠢ ᠨᠥᠬᠦᠴᠡᠯ ᠪᠦᠷᠢᠯᠳᠦᠭᠰᠡᠨ᠂ ᠠᠯᠤᠰ ᠬᠡᠳᠦ ᠶᠢᠨ ᠬᠥᠭᠵᠢᠯᠲᠡ ᠳᠤ ᠠᠰᠢᠭᠲᠠᠶ ᠵᠠᠮ ᠬᠠᠷᠢᠯᠴᠠᠭᠠᠨ ᠤ ᠴᠢᠬᠤᠯᠠ ᠲᠤᠮᠤ ᠢᠨᠵᠧᠨᠧᠷᠢᠩ ᠢ ᠲᠦᠷᠭᠡᠨ ᠬᠡᠷᠡᠭᠵᠢᠭᠦᠯᠬᠦ ᠴᠢᠬᠤᠯᠠᠲᠠᠢ ᠪᠠᠶᠢᠨ᠎ᠠ᠃ ︽ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠴᠢᠬᠤᠯᠠ ᠲᠤᠮᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ︵ᠬᠥᠭᠵᠢᠭᠦᠯᠦᠯᠲᠡ ᠥᠭᠡᠷᠡᠴᠢᠯᠡᠯᠲᠡ ᠰᠠᠭᠤᠷᠢ ︹ 2016 ︺ 730 ᠳ᠋ᠤᠭᠠᠷ ᠲᠣᠭᠠᠲᠤ︶᠎ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠮᠠᠨ ᠤ ᠣᠷᠣᠨ ᠤ ︽13 · 5︾᠎ ᠳᠠᠬᠢ ᠡᠮᠦᠨᠡᠬᠢ ᠬᠤᠭᠤᠴᠠᠭᠠᠨ ᠤ ᠵᠠᠮ ᠬᠠᠷᠢᠯᠴᠠᠭᠠᠨ ᠤ ᠴᠢᠬᠤᠯᠠ ᠲᠤᠮᠤ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠪᠠ ᠪᠦᠳᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠲᠤᠬᠢᠷᠠᠭᠤᠯᠬᠤ ᠶᠢᠨ ᠲᠦᠯᠦᠭᠡ᠂ ︽ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠴᠢᠬᠤᠯᠠ ᠲᠤᠮᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠢ ᠤᠨᠴᠠᠭᠠᠶᠢᠯᠠᠨ ᠲᠤᠭᠲᠠᠭᠠᠪᠠ᠃      ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ︽13 · 5︾᠎ ᠶᠢᠨ ᠬᠤᠭᠤᠴᠠᠭ᠎ᠠ ᠪᠣᠯ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠴᠢᠬᠤᠯᠠ ᠲᠤᠮᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠱᠠᠳᠤ ᠮᠦᠨ᠂ ᠮᠠᠨ ᠤ ᠣᠷᠣᠨ 2016 ᠣᠨ — 2018 ᠤᠨ ᠳᠤ ᠲᠡᠮᠦᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠬᠤᠲᠠ ᠶᠢᠨ ᠳᠡᠮᠤᠷ ᠵᠠᠮ ᠤᠨ ᠵᠠᠮ ᠬᠠᠷᠢᠯᠴᠠᠭᠠᠨ ᠤ 99 ᠲᠦᠷᠦᠯ ᠵᠦᠢᠯ ︵1 ᠪᠤᠭᠤᠳᠠᠯᠯᠠᠬᠤ ᠲᠦᠷᠦᠯ ᠵᠦᠢᠯ ᠪᠠᠭᠲᠠᠨ᠎ᠠ︶᠎ ᠢ ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠬᠤᠯᠪᠤᠭᠳᠠᠭᠰᠠᠨ ᠲᠥᠷᠥᠯ ᠵᠦᠢᠯ ᠤᠨ ᠶᠡᠷᠦᠩᠬᠡᠶ ᠣᠷᠣᠭᠤᠯᠤᠯᠲᠠ ᠨᠢ ᠪᠠᠷᠤᠭ 3925.6 ᠳ᠋ᠦᠩᠰᠢᠭᠤᠷ ᠲᠥᠭᠦᠷᠢᠭ ᠲᠤ ᠬᠦᠷᠦᠨ᠎ᠡ᠃ ᠡᠭᠦᠨ ᠳᠤ᠂ 2016 ᠣᠨ ᠳᠤ 28 ᠲᠦᠷᠦᠯ ᠵᠦᠢᠯ ︵1 ᠪᠤᠭᠤᠳᠠᠯᠯᠠᠬᠤ ᠲᠥᠷᠥᠯ ᠵᠦᠢᠯ ᠪᠠᠭᠲᠠᠨ᠎ᠠ︶᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 1064.9 ᠳ᠋ᠦᠩᠰᠢᠭᠤᠷ ᠲᠥᠭᠦᠷᠢᠭ ᠪᠣᠯᠤᠨ᠎ᠠ︔ 2017 ᠣᠨ ᠳᠤ 42 ᠲᠥᠷᠥᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 2228.1 ᠳ᠋ᠦᠩᠰᠢᠭᠤᠷ ᠲᠥᠭᠦᠷᠢᠭ ᠪᠣᠯᠤᠨ᠎ᠠ︔ 2018 ᠣᠨ ᠳᠤ 29 ᠲᠥᠷᠥᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 632.6 ᠳ᠋ᠦᠩᠰᠢᠭᠤᠷ ᠲᠥᠭᠦᠷᠢᠭ ᠪᠣᠯᠤᠨ᠎ᠠ᠃      ᠲᠡᠮᠦᠷ ᠵᠠᠮ ᠤᠨ ᠲᠠᠯ᠎ᠠ ᠪᠠᠷ᠄ ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ ᠪᠣᠯᠣᠨ ᠲᠡᠮᠦᠷ ᠵᠠᠮ ᠤᠨ ︽13 · 5︾᠎ ᠶᠢᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠮᠠᠨ ᠤ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠩ ᠤᠨ ᠲᠡᠮᠦᠷ ᠵᠠᠮ ᠢ ᠰᠠᠭᠠᠳ ᠦᠭᠡᠢ ᠰᠢᠭᠤᠳ ᠨᠡᠪᠲᠡᠷᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ 7 ᠲᠥᠷᠦᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠦ᠂ ᠰᠢᠨ᠎ᠡ ᠪᠠᠷ ᠪᠠᠶᠢᠭᠤᠯᠬᠤ ᠪᠣᠶᠣ ᠥᠭᠡᠷᠡᠴᠢᠯᠡᠨ ᠪᠠᠶᠢᠭᠤᠯᠵᠦ ᠥᠷᠭᠡᠳᠬᠡᠨ ᠪᠠᠶᠢᠭᠤᠯᠬᠤ ᠵᠠᠮ ᠱᠤᠭᠤᠮ ᠪᠠᠷᠤᠭ 2160 ᠺᠢᠯᠣᠮᠧᠲᠷ ᠪᠠᠶᠢᠵᠤ᠂ ᠬᠤᠯᠪᠣᠭᠳᠠᠬᠤ ᠪᠡᠯᠡ ᠣᠷᠣᠭᠤᠯᠤᠯᠲᠠ ᠨᠢ ᠪᠠᠷᠤᠭ 872 ᠳ᠋ᠦᠩᠰᠢᠭᠤᠷ ᠲᠥᠭᠦᠷᠢᠭ ᠪᠣᠯᠤᠨ᠎ᠠ᠃      ᠵᠠᠰᠠᠮᠠᠯ ᠵᠠᠮ ᠤᠨ ᠲᠠᠯ᠎ᠠ ᠪᠠᠷ᠄ ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵2013 ᠣᠨ —2030 ᠣᠨ︶᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵2013 ᠣᠨ —2030 ᠣᠨ︶ ᠵᠢᠴᠢ ᠥᠪᠡᠷᠲᠡᠭᠡᠨ ᠵᠠᠰᠠᠬᠤ ᠣᠷᠣᠨ ᠤ ︽13 · 5︾᠎ ᠶᠢᠨ ᠵᠠᠰᠠᠮᠠᠯ ᠵᠠᠮ ᠤᠰᠤᠨ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠤᠨ ᠪᠠᠶᠢᠭᠤᠯᠤᠭᠠᠳᠤᠶ ᠬᠡᠰᠡᠭ ᠤᠨ ᠪᠦᠳᠦᠭᠡᠨ ᠪᠠᠶᠢᠭᠤᠯᠤᠯᠲᠠ ᠪᠣᠯᠣᠨ ᠶᠠᠭᠠᠷᠠᠯᠲᠠᠶ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠬᠡᠷᠡᠭᠵᠢᠭᠦᠯᠦᠨ᠂ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ᠡᠩ ᠤᠨ ᠤᠯᠤᠰ ᠤᠨ ᠵᠠᠮ᠂ ᠮᠤᠵᠢ ᠶᠢᠨ ᠵᠠᠮ ᠤᠨ ᠴᠢᠨᠠᠷ ᠢ ᠰᠠᠶᠢᠵᠢᠷᠠᠭᠤᠯᠤᠨ ᠲᠡᠰ ᠳᠡᠪᠰᠢᠭᠦᠯᠬᠦ ᠪᠠ ᠨᠡᠪᠲᠡᠷᠡᠭᠡᠳᠦᠢ ᠵᠡᠮ ᠤᠨ ᠪᠦᠳᠦᠭᠡᠠ ᠪᠠᠶᠢᠭᠤᠯᠤᠯᠲᠠ ᠶᠢ ᠠᠬᠢᠭᠤᠯᠤᠨ᠎ᠠ᠃ 83 ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠦ᠂ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠬᠤ ᠳᠡᠭᠡᠳᠦ ᠬᠤᠷᠳᠤ ᠶᠢᠨ ᠵᠠᠰᠠᠮᠠᠯ ᠵᠠᠮ ᠨᠢ 2382.2 ᠺᠢᠯᠣᠮᠧᠲᠷ᠂ ᠤᠯᠤᠰ ᠪᠠ ᠮᠤᠵᠢ ᠶᠢᠨ ᠭᠤᠣᠯ ᠱᠤᠭᠤᠮ ᠨᠢ 7258.7 ᠺᠢᠯᠣᠮᠧᠲᠷ ᠪᠠᠶᠢᠵᠤ᠂ ᠬᠤᠯᠪᠣᠭᠳᠠᠬᠤ ᠪᠡᠯᠡ ᠣᠷᠣᠭᠤᠯᠤᠯᠲᠠ ᠨᠢ ᠪᠠᠷᠤᠭ 2097.5 ᠳ᠋ᠦᠩᠰᠢᠭᠤᠷ ᠲᠥᠭᠦᠷᠢᠭ ᠪᠣᠯᠤᠨ᠎ᠠ᠃      ᠨᠢᠰᠬᠡᠯ ᠤᠨ ᠪᠠᠭᠤᠳᠠᠯ ᠤᠨ ᠲᠠᠯ᠎ᠠ ᠪᠠᠷ᠄ ᠪᠦᠬᠦ ᠤᠯᠤᠰ ᠤᠨ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯ ᠤᠨ ᠲᠥᠯᠥᠪᠵᠢᠭᠦᠯᠭᠡ ᠪᠣᠯᠤᠨ ᠥᠪᠡᠷᠲᠡᠭᠡᠨ ᠵᠠᠰᠠᠬᠤ ᠣᠷᠣᠨ ᠤ ︽13 · 5︾᠎ ᠶᠢᠨ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠰᠬᠡᠯ ᠤᠨ ᠪᠠᠭᠤᠳᠠᠯ ᠢ ᠨᠡᠭᠦᠯᠭᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠪᠣᠶᠣ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠮᠥᠷᠲᠡᠭᠡᠨ ᠰᠠᠯᠪᠤᠷᠢ ᠱᠤᠭᠤᠮ ᠪᠣᠯᠣᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯ ᠤᠨ ᠴᠢᠭ᠋ ᠢ ᠦᠷᠭᠦᠯᠵᠢᠯᠡᠨ ᠨᠡᠮᠡᠵᠦ᠂ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠦᠬᠡ ᠬᠤᠰᠢᠭᠤ᠂ ᠯᠢᠨᠰᠢ ᠵᠡᠷᠭᠡ 4 ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠪᠣᠯᠤᠨ 1 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠤᠭᠤᠳᠠᠯᠯᠠᠬᠤ ᠲᠥᠷᠥᠯ ᠵᠦᠢᠯ ︵20 ᠬᠦᠦ ᠲᠥᠷᠥᠯ ᠵᠦᠢᠯ ᠪᠠᠭᠲᠠᠨ᠎ᠠ︶᠎ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠬᠤᠯᠪᠣᠭᠳᠠᠬᠤ ᠪᠡᠯᠡ ᠣᠷᠣᠭᠤᠯᠤᠯᠲᠠ ᠨᠢ ᠪᠠᠷᠤᠭ 277 ᠳ᠋ᠦᠩᠰᠢᠭᠤᠷ ᠲᠥᠭᠦᠷᠢᠭ ᠪᠣᠯᠤᠨ᠎ᠠ᠃      ᠬᠤᠲᠠ ᠶᠢᠨ ᠳᠡᠮᠤᠷ ᠵᠠᠮᠲᠤ ᠵᠠᠮ ᠬᠠᠷᠢᠯᠴᠠᠭ᠎ᠠ ᠶᠢᠨ ᠲᠠᠯ᠎ᠠ ᠪᠠᠷ᠄ ᠲᠥᠯᠦᠪᠵᠢᠭᠦᠯᠦᠨ ᠪᠥᠳᠥᠭᠡᠨ ᠪᠠᠶᠢᠭᠤᠯᠬᠤ ᠬᠠᠮᠢᠶᠠᠷᠤᠯᠲᠠ ᠪᠠᠨ ᠴᠢᠩᠭᠠᠳᠬᠠᠵᠦ᠂ ᠬᠤᠲᠠ ᠶᠢᠨ ᠳᠡᠮᠤᠷ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠥᠯᠬᠢᠨ ᠠᠬᠢᠭᠤᠯᠵᠤ᠂ ᠬᠤᠳᠠ ᠶᠢᠨ ᠵᠠᠮ ᠬᠠᠷᠢᠯᠴᠠᠭ᠎ᠠ ᠶᠢᠨ ᠪᠦᠲᠦᠴᠡ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠦᠨ᠎ᠡ᠃ 4 ᠲᠥᠷᠦᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠰᠢᠨ᠎ᠡ ᠪᠠᠷ ᠪᠠᠶᠢᠭᠤᠯᠬᠤ ᠬᠤᠲᠠ ᠶᠢᠨ ᠳᠡᠮᠤᠷ ᠵᠠᠮᠲᠤ ᠵᠠᠮ ᠨᠡᠪᠲᠡᠷᠡᠯᠭᠡ ᠨᠢ 91.4 ᠺᠢᠯᠣᠮᠧᠲᠷ ᠪᠠᠶᠢᠵᠤ᠂ ᠬᠤᠯᠪᠣᠭᠳᠠᠬᠤ ᠪᠡᠯᠡ ᠣᠷᠣᠭᠤᠯᠤᠯᠲᠠ ᠨᠢ ᠪᠠᠷᠤᠭ 679.1 ᠳ᠋ᠦᠩᠰᠢᠭᠤᠷ ᠲᠥᠭᠦᠷᠢᠭ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号