ᠦᠪᠦᠷ ᠮᠤᠩᠭᠤᠯ ᠤᠨ ᠶᠡᠭᠡ ᠰᠤᠷᠭᠠᠭᠤᠯᠢ ᠤᠯᠤᠰ ᠤᠨ ᠳᠤᠳᠤᠭᠠᠳᠤ ᠶᠢᠨ ᠠᠩᠬᠠᠳᠠᠬᠴᠢ ᠮᠤᠩᠭᠤᠯ ᠬᠡᠯᠡᠨ ᠤ ᠲᠤᠭᠠᠴᠢᠯᠠᠬᠰᠠᠨ ᠨᠤᠮ ᠤᠨ ᠰᠠᠩ ᠢ ᠨᠡᠭᠡᠭᠡᠪᠡ
ᠨᠡᠶᠢᠲᠡᠯᠡᠭᠰᠡᠨ ᠴᠠᠭ᠄
2017/5/18
     5 ᠳ᠋ᠤᠭᠠᠷ ᠰᠠᠷ᠎ᠠ ᠶᠢᠨ 17᠎ ᠤ ᠡᠳᠦᠷ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠲᠤᠭᠠᠴᠢᠯᠠᠬᠰᠠᠨ ᠨᠤᠮ ᠤᠨ ᠰᠠᠩ ᠤᠨ ᠨᠡᠬᠡᠬᠡᠯᠳᠡ ᠶᠢᠨ ᠶᠤᠰᠤᠯᠠᠯ ᠵᠢᠴᠢ ᠪᠤᠭᠤᠳᠤ ᠬᠤᠳᠠ ᠯᠤᠭ᠎ᠠ ᠬᠠᠮᠳᠤ ᠪᠠᠷ ᠪᠠᠶᠢᠭᠤᠯᠵᠤ ᠬᠠᠮᠳᠤ ᠪᠠᠷ ᠠᠰᠢᠬᠯᠠᠬᠤ ᠢᠨᠵᠧᠨᠧᠷᠢᠩ ᠤᠨ ᠡᠬᠢᠯᠡᠯᠳᠡ ᠶᠢᠨ ᠶᠤᠰᠤᠯᠠᠯ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠦᠪᠦᠷ ᠮᠤᠩᠭᠤᠯ ᠤᠨ ᠶᠡᠭᠡ ᠰᠤᠷᠭᠠᠭᠤᠯᠢ ᠰᠠᠩ ᠬᠠᠳᠠᠭᠠᠯᠠᠮᠵᠢ ᠶᠢᠨ ᠮᠤᠩᠭᠤᠯ ᠰᠤᠷᠪᠤᠯᠵᠢ ᠪᠢᠴᠢᠭ ᠢ ᠨᠡᠩ ᠰᠠᠶᠢᠨ ᠨᠡᠭᠡᠭᠡᠨ ᠠᠰᠢᠬᠯᠠᠬᠤ ᠶᠢᠨ ᠲᠦᠯᠦᠭᠡ᠂ ᠳᠤᠰ ᠰᠤᠷᠭᠠᠭᠤᠯᠢ ᠶᠢᠨ ᠨᠤᠮ ᠤᠨ ᠰᠠᠩ 2009 ᠤᠨ ᠠᠴᠠ ᠡᠬᠢᠯᠡᠨ ᠮᠤᠩᠭᠤᠯ ᠰᠤᠷᠪᠤᠯᠵᠢ ᠪᠢᠴᠢᠭ᠂ ᠨᠤᠮ ᠪᠢᠴᠢᠭ ᠤᠨ ᠲᠤᠭᠠᠴᠢᠯᠠᠬᠰᠠᠨ ᠠᠵᠢᠯ ᠢ ᠡᠬᠢᠯᠡᠬᠦᠯᠵᠦ᠂ ᠤᠳᠤᠬᠠᠨ ᠳᠤ 10000 ᠭᠠᠷᠤᠢ ᠲᠦᠷᠦᠯ ᠤᠨ ᠨᠤᠮ ᠪᠢᠴᠢᠭ ᠢ ᠳᠤᠭᠠᠴᠢᠯᠠᠵᠤ᠂ ᠮᠤᠩᠭᠤᠯ ᠭᠡᠯᠡᠨ ᠤ ᠳᠤᠭᠠᠴᠢᠯᠠᠬᠰᠠᠨ ᠨᠤᠮ ᠤᠨ ᠰᠠᠩ ᠨᠢ ᠮᠤᠩᠭᠤᠯ ᠰᠤᠷᠪᠤᠯᠵᠢ ᠪᠢᠴᠢᠭ ᠤᠨ ᠬᠠᠮᠢᠶᠠᠷᠤᠯᠳᠠ ᠶᠢᠨ ᠰᠢᠰᠲ᠋ᠧᠮ᠂ ᠮᠤᠩᠭᠤᠯ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠲᠤᠭᠠᠴᠢᠯᠳᠠ ᠶᠢ ᠬᠠᠮᠳᠤᠪᠠᠷ ᠡᠳ᠋ᠯᠡᠬᠦ ᠲᠠᠪᠴᠠᠩ᠂ ᠮᠤᠩᠭᠤᠯ ᠰᠤᠳᠤᠯᠤᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ᠂ ᠰᠠᠩ ᠬᠠᠳᠠᠭᠠᠯᠠᠮᠵᠢ ᠶᠢᠨ ᠤᠳᠤ ᠦᠶ᠎ᠡ ᠶᠢᠨ ᠮᠤᠩᠭᠤᠯ ᠨᠤᠮ ᠪᠢᠴᠢᠭ ᠤᠨ ᠪᠦᠷᠢᠨ ᠵᠤᠬᠢᠶᠠᠯ ᠤᠨ ᠳ᠋ᠠᠶᠢᠲ᠋ᠠ ᠬᠦᠮᠦᠷᠭᠡ᠂ ᠰᠠᠩ ᠬᠠᠳᠠᠭᠠᠯᠠᠮᠵᠢ ᠶᠢᠨ ᠮᠤᠩᠭᠤᠯ ᠡᠷᠳᠡᠨ ᠤ ᠨᠤᠮ ᠪᠢᠴᠢᠭ ᠵᠢᠴᠢ ᠭᠠᠨᠵᠤᠤᠷ ᠤᠨ ᠪᠦᠷᠢᠨ ᠵᠤᠬᠢᠶᠠᠯ ᠤᠨ ᠳ᠋ᠠᠶᠢᠲ᠋ᠠ ᠬᠦᠮᠦᠷᠭᠡ᠂ ᠰᠠᠩ ᠬᠠᠳᠠᠭᠠᠯᠠᠮᠵᠢ ᠶᠢᠨ ᠡᠧᠦ᠋ᠷᠦᠫᠡ ᠶᠢᠨ ᠤᠯᠤᠰ ᠤᠳ ᠲᠤ ᠬᠠᠳᠠᠭᠠᠯᠠᠭᠳᠠᠵᠤ ᠪᠠᠶᠢᠭ᠎ᠠ ᠡᠷᠳᠡᠨ ᠤ ᠮᠤᠩᠭᠤᠯ ᠨᠤᠮ ᠪᠢᠴᠢᠭ ᠤᠨ ᠪᠢᠴᠢᠯ ᠹᠢᠯᠢᠮ ᠤᠨ ᠪᠦᠷᠢᠨ ᠵᠤᠬᠢᠶᠠᠯ ᠤᠨ ᠳ᠋ᠠᠶᠢᠲ᠋ᠠ ᠬᠦᠮᠦᠷᠭᠡ᠂ ᠮᠤᠩᠭᠤᠯ ᠡᠷᠳᠡᠮ ᠰᠢᠨᠵᠢᠯᠡᠭᠡᠨ ᠤ ᠰᠡᠳᠭᠦᠯ ᠤᠨ ᠪᠦᠷᠢᠨ ᠵᠤᠬᠢᠶᠠᠯ ᠤᠨ ᠳ᠋ᠠᠶᠢᠲ᠋ᠠ ᠬᠦᠮᠦᠷᠭᠡ᠂ ᠮᠤᠩᠭᠤᠯ ᠰᠤᠳᠤᠯᠤᠯ ᠵᠢᠴᠢ ᠦᠨᠳᠦᠰᠦᠳᠡᠨ ᠤ ᠰᠤᠳᠤᠯᠤᠯ ᠤᠨ ᠰᠦᠯᠵᠢᠶᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠭᠡᠨ ᠲᠢᠭᠯᠡᠭᠰᠡᠨ ᠳ᠋ᠠᠶᠢᠲ᠋ᠠ ᠬᠦᠮᠦᠷᠭᠡ᠂ ᠲᠤᠮᠳᠠᠳᠤ ᠤᠯᠤᠰ ᠤᠨ ᠡᠷᠳᠡᠨ ᠤ ᠮᠤᠩᠭᠤᠯ ᠨᠤᠮ ᠪᠢᠴᠢᠭ ᠤᠨ ᠭᠠᠷᠴᠠᠭ ᠤᠨ ᠳ᠋ᠠᠶᠢᠲ᠋ᠠ ᠬᠦᠮᠦᠷᠭᠡ ᠵᠡᠷᠭᠡ ᠶᠢ ᠰᠤᠳᠤᠯᠤᠨ ᠪᠦᠳᠦᠬᠡᠵᠡᠢ᠃      ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠳᠤᠭᠠᠴᠢᠯᠠᠬᠰᠠᠨ ᠨᠤᠮ ᠤᠨ ᠰᠠᠩ ᠨᠢ ᠮᠤᠩᠭᠤᠯ ᠨᠤᠮ ᠪᠢᠴᠢᠭ᠂ ᠰᠡᠳᠭᠦᠯ᠂ ᠡᠷᠳᠡᠨ ᠤ ᠰᠤᠷᠪᠤᠯᠵᠢ ᠪᠢᠴᠢᠭ᠂ ᠪᠢᠴᠢᠯ ᠹᠢᠯᠢᠮ ᠢᠶᠠᠷ ᠪᠦᠬᠦ ᠠᠭᠤᠯᠭ᠎ᠠ ᠶᠢ ᠤᠩᠰᠢᠬᠤ᠂ ᠮᠤᠩᠭᠤᠯ ᠡᠷᠳᠡᠮ ᠰᠢᠨᠵᠢᠯᠡᠭᠡᠨ ᠤ ᠦᠭᠦᠯᠡᠯ ᠢ ᠬᠠᠮᠳᠤᠪᠠᠷ ᠠᠰᠢᠭᠯᠠᠬᠤ᠂ ᠮᠤᠩᠭᠤᠯ ᠰᠤᠳᠤᠯᠤᠯ ᠵᠢᠴᠢ ᠦᠨᠳᠦᠰᠦᠳᠡᠨ ᠤ ᠰᠤᠳᠤᠯᠤᠯ ᠤᠨ ᠮᠡᠳᠡᠭᠡ ᠵᠠᠩᠬᠢ ᠶᠢᠨ ︽ᠢᠨᠲ᠋ᠧᠷ ᠰᠦᠯᠵᠢᠶ᠎ᠡ +︾ ᠳᠡᠭᠡᠳᠦ ᠳᠡᠰ ᠤᠨ ᠯᠠᠪᠯᠠᠭ᠎ᠠ ᠦᠢᠯᠡᠴᠢᠯᠡᠭᠡ ᠶᠢ ᠪᠡᠶᠡᠯᠡᠬᠦᠯᠵᠦ᠂ ᠦᠨᠳᠦᠰᠦᠲᠡᠨ ᠤ ᠦᠰᠦᠭ ᠪᠢᠴᠢᠭ ᠤᠨ ᠰᠤᠷᠪᠤᠯᠵᠢ ᠪᠢᠴᠢᠭ ᠤᠨ ᠮᠡᠳᠡᠭᠡ ᠵᠠᠩᠬᠢ ᠶᠢᠨ ᠨᠡᠭᠡᠭᠡᠨ ᠠᠰᠢᠭᠯᠠᠬᠤ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠵᠦ᠂ ᠮᠤᠩᠭᠤᠯ ᠦᠨᠳᠦᠰᠦᠲᠡᠨ ᠤ ᠤᠯᠠᠮᠵᠢᠯᠠᠯᠳᠤ ᠰᠤᠶᠤᠯ ᠢ ᠳᠠᠷᠬᠠᠭᠠᠬᠤ ᠪᠠ ᠤᠯᠠᠮᠵᠢᠯᠠᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠴᠦᠭᠡᠨ ᠳᠤᠭᠠᠳᠤ ᠦᠨᠳᠦᠰᠦᠲᠡᠨ ᠤ ᠦᠰᠦᠭ ᠪᠢᠴᠢᠭ ᠤᠨ ᠪᠦᠭᠦ ᠠᠭᠤᠯᠭ᠎ᠠ ᠶᠢᠨ ᠳ᠋ᠠᠶᠢᠲ᠋ᠠ ᠬᠦᠮᠦᠷᠭᠡ ᠶᠢᠨ ᠠᠩᠬᠠᠨ ᠤ ᠵᠢᠱᠢᠶ᠎ᠡ ᠶᠢ ᠡᠭᠦᠳᠦᠨ ᠨᠡᠭᠡᠭᠡᠵᠦ᠂ ᠮᠤᠩᠭᠤᠯ ᠬᠡᠯᠡᠨ ᠤ ᠮᠡᠳᠡᠯᠭᠡ ᠶᠢᠨ ᠡᠬᠢ ᠪᠠᠶᠠᠯᠢᠭ ᠤᠨ ᠳᠠᠮᠵᠢᠭᠤᠯᠭ᠎ᠠ ᠶᠢ ᠬᠠᠮᠳᠤᠪᠡᠷ ᠡᠳ᠋ᠯᠡᠬᠦ ᠬᠢᠭᠡᠳ ᠦᠷᠳᠡᠭ ᠤᠨ ᠨᠡᠮᠡᠭᠳᠡᠯ ᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号