ᠠᠵᠤ ᠠᠬᠤᠶᠢᠯᠠᠯ ᠤᠨ ᠦᠷ᠎ᠡ ᠠᠰᠢᠭ ᠦᠷᠭᠦᠯᠵᠢᠯᠡᠨ ᠶᠡᠭᠡ ᠪᠠᠷ ᠳᠡᠭᠡᠭᠰᠢᠯᠡᠵᠡᠢ᠃ 1- 4 ᠳ᠋ᠦ᠋ᠭᠡᠷ | ᠰᠠᠷ᠎ᠠ ᠳᠤ᠂ ᠪᠦᠬᠦ ᠣᠷᠣᠨ ᠤ ᠠᠵᠤ ᠦᠢᠯᠡᠳᠪᠦᠷᠢ 420.5 ᠳ᠋ᠦᠩᠰᠢᠭᠤᠷ ᠲᠥᠭᠦᠷᠢᠭ ᠤᠨ ᠭᠠᠶᠢᠯᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 47.8% ᠨᠡᠮᠡᠭᠳᠡᠵᠦ᠂ ᠨᠢᠭᠡᠳᠦᠭᠡᠷ ᠤᠯᠠᠷᠢᠯ ᠲᠠᠢ ᠬᠠᠷᠢᠴᠠᠭᠤᠯᠪᠠᠯ 8.7 | ᠵᠠᠭᠤᠨ ᠤ ᠴᠡᠭ ᠳᠡᠭᠡᠭᠰᠢᠯᠡᠪᠡ᠂ ᠠᠵᠤ ᠦᠢᠯᠡᠳᠪᠦᠷᠢ ᠶᠢᠨ ᠭᠠᠶᠢᠯᠢ ᠲᠠᠲᠠᠪᠤᠷᠢ ᠨᠢ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢᠨ 61.8% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 15 ᠵᠠᠭᠤᠨ ᠤ ᠴᠡᠭ | ᠳᠡᠭᠡᠭᠰᠢᠯᠡᠨ᠂ ᠨᠢᠳᠤᠨᠤᠨ ᠤ ᠵᠢᠯ ᠤᠨ ᠡᠴᠦᠰ ᠤᠨ ᠬᠢ ᠠᠴᠠ17.6 ᠵᠠᠭᠤᠨ ᠤ ᠴᠡᠭ ᠳᠡᠭᠡᠭᠰᠢᠯᠡᠪᠡ᠃ | ᠣᠯᠠᠩᠬᠢ ᠦᠢᠯᠡᠳᠬᠦᠨ ᠤ ᠭᠠᠷᠤᠯᠲᠠ ᠶᠢᠨ ᠨᠡᠮᠡᠭᠳᠡᠯ ᠲᠥᠷᠭᠡᠨ ᠪᠣᠯᠵᠠᠢ᠃ ᠬᠢᠨᠠᠨ ᠬᠡᠮᠵᠢᠭᠰᠡᠨ 42 | ᠵᠦᠶᠯ ᠤᠨ ᠬᠠᠮ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 60% ᠠᠴᠠ ᠳᠡᠭᠡᠭᠰᠢᠬᠢ ᠦᠢᠯᠡᠳᠬᠦᠨ ᠤ | ᠭᠠᠷᠤᠯᠲᠠ ᠠᠷᠪᠠᠨ ᠰᠠᠷ᠎ᠠ ᠳᠠᠷᠠᠭᠠᠯᠠᠨ ᠨᠡᠮᠡᠭᠳᠡᠭᠰᠡᠨ ᠪᠠᠶᠢᠨ᠎ᠠ᠃ ᠡᠨᠡ ᠵᠢᠯ ᠤᠨ ᠲᠦᠷᠦᠭᠦᠦ 4 ᠰᠠᠷ᠎ᠠ ᠳᠤ 31 | ᠵᠦᠢᠯ ᠤᠨ ᠭᠠᠷᠤᠯᠲᠠ ᠨᠡᠮᠡᠭᠳᠡᠵᠦ᠂ 20 ᠵᠦᠢᠯ ᠤᠨ ᠦᠢᠯᠡᠳᠬᠦᠨ ᠤ ᠨᠡᠮᠡᠭᠳᠡᠯ 10% ᠠᠴᠠ ᠳᠠᠪᠠᠭᠰᠠᠨ ᠪᠠᠶᠢᠨ᠎ᠠ᠃ | ᠡᠭᠦᠨ ᠳᠤ᠄ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 11.7 % ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠵᠢᠯ ᠤᠨ ᠡᠴᠦᠰ ᠪᠣᠯᠣᠨ ᠡᠨᠡ ᠵᠢᠯ ᠤᠨ 1 - 3 ᠳ᠋ᠤᠭᠠᠷ ᠰᠠᠷ᠎ᠠ ᠶᠢᠨ | ᠬᠢ ᠠᠴᠠ ᠲᠤᠰ ᠲᠤᠰ 19.8᠂ 2.9 ᠵᠠᠭᠤᠨ ᠤ ᠴᠡᠭ ᠳᠡᠭᠡᠭᠰᠢᠯᠡᠪᠡ︔ ᠬᠡᠦᠷᠡᠰᠦ10.1% ᠨᠡᠮᠡᠭᠳᠡᠨ᠂ | ᠨᠢᠳᠤᠨᠤᠨ ᠤ ᠵᠢᠯ ᠤᠨ ᠡᠴᠦᠰ ᠪᠣᠯᠣᠨ ᠡᠨᠡ ᠵᠢᠯ ᠤᠨ 1- 3 ᠳ᠋ᠤᠭᠠᠷ ᠰᠠᠷ᠎ᠠ ᠶᠢᠨ ᠬᠢ ᠠᠴᠠ ᠲᠤᠰ ᠲᠤᠰ 17.5᠂ | 2.8 ᠵᠠᠭᠤᠨ ᠤ ᠴᠡᠭ ᠳᠡᠭᠡᠭᠰᠢᠯᠡᠪᠡ︔ ᠲᠡᠮᠦᠷ ᠤᠨ ᠬᠠᠶᠢᠯᠤᠰᠢ 12.8% ᠨᠡᠮᠡᠭᠳᠡᠨ᠂ ᠡᠨᠡ ᠵᠢᠯ ᠤᠨ 1- 3 | ᠳ᠋ᠤᠭᠠᠷ ᠰᠠᠷ᠎ᠠ ᠶᠢᠨ ᠬᠢ ᠠᠴᠠ 5.6 ᠵᠠᠭᠤᠨ ᠤ ᠴᠡᠭ ᠳᠡᠭᠡᠭᠰᠢᠯᠡᠵᠡᠢ᠃ | ᠭᠤᠣᠯᠯᠠᠬᠤ ᠦᠢᠯᠡᠳᠬᠦᠨ ᠤ ᠦᠨ᠎ᠡ ᠬᠠᠩᠰᠢ ᠨᠡᠯᠢᠶᠡᠳ ᠥᠨᠳᠥᠷ ᠬᠢᠷᠢ ᠲᠦᠪᠰᠢᠨ ᠳᠤ ᠪᠠᠶᠢᠬᠤ ᠶᠢ | ᠪᠠᠲᠤᠯᠠᠪᠠ᠃ 4 ᠳ᠋ᠦ᠋ᠭᠡᠷ ᠰᠠᠷ᠎ᠠ ᠶᠢᠨ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ | ᠵᠠᠩᠭᠢᠵᠢᠯᠲᠠ ᠶᠢᠨ ᠵᠥᠪᠯᠡᠯ ᠤᠨ ᠬᠢᠨᠠᠨ ᠬᠡᠮᠵᠢᠭᠰᠡᠨ 30 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ | ᠦᠢᠯᠡᠳᠬᠦᠨ ᠤ ᠦᠨ᠎ᠡ ᠬᠠᠩᠰᠢ ᠶᠢᠨ ᠳᠣᠲᠣᠷ᠎ᠠ᠂ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠪᠤᠶᠤ | ᠲᠡᠩᠴᠡᠭᠰᠡᠨ ᠨᠢ 28 ᠵᠦᠢᠯ᠂ ᠳᠡᠭᠡᠷ᠎ᠡ ᠰᠠᠷ᠎ᠠ ᠶᠢᠨ ᠬᠢ ᠠᠴᠠ ᠦᠰᠦᠭᠰᠡᠨ ᠪᠤᠶᠤ ᠲᠡᠩᠴᠡᠭᠰᠡᠨ ᠨᠢ 16 ᠵᠦᠢᠯ᠂ | ᠳᠡᠭᠡᠷ᠎ᠡ ᠰᠠᠷ᠎ᠠ ᠶᠢᠨ ᠬᠢ ᠠᠴᠠ ᠪᠠᠭᠤᠷᠠᠭᠰᠠᠨ ᠨᠢ 14 ᠵᠦᠢᠯ ᠪᠠᠶᠢᠨ᠎ᠠ᠃ | ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ᠂ ᠪᠠᠷᠠᠭ᠎ᠠ ᠲᠡᠭᠡᠭᠡᠪᠦᠷᠢ ᠶᠡᠭᠡ ᠬᠡᠮᠵᠢᠶ᠎ᠡ ᠪᠠᠷ ᠨᠡᠮᠡᠭᠳᠡᠵᠡᠢ᠃ 4 | ᠳ᠋ᠦ᠋ᠭᠡᠷ ᠰᠠᠷ᠎ᠠ ᠳᠤ ᠪᠥᠬᠦ ᠣᠷᠣᠨ ᠤ ᠠᠵᠤ ᠦᠶᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 203.03 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠨ᠂ | ᠳᠡᠭᠡᠷ᠎ᠡ ᠰᠠᠷ᠎ᠠ ᠶᠢᠨ ᠬᠢ ᠠᠴᠠ 4.2 ᠵᠠᠭᠤᠨ ᠤ ᠴᠡᠭ ᠪᠠᠭᠤᠷᠠᠪᠠ︔ 1 - 4 ᠳ᠋ᠦ᠋ᠭᠡᠷ ᠰᠠᠷ᠎ᠠ ᠳᠤ ᠪᠥᠬᠦ ᠣᠷᠣᠨ ᠤ | ᠠᠵᠤ ᠦᠶᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 799.86 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠨ᠂ ᠨᠢᠭᠡᠳᠦᠭᠡᠷ ᠤᠯᠠᠷᠢᠯ ᠤᠨ ᠬᠢ ᠠᠴᠠ 0. | 2 ᠵᠠᠭᠤᠨ ᠤ ᠴᠡᠭ ᠳᠣᠣᠷ᠎ᠠ ᠪᠣᠯᠵᠤ᠂ ᠪᠦᠬᠦ ᠤᠯᠤᠰ ᠤᠨ ᠬᠢ ᠠᠴᠠ 5.5 ᠵᠠᠭᠤᠨ ᠤ ᠴᠡᠭ ᠨᠡᠮᠡᠭᠳᠡᠪᠡ᠃ 1- 4 | ᠳ᠋ᠦ᠋ᠭᠡᠷ ᠰᠠᠷ᠎ᠠ ᠳᠤ ᠪᠦᠬᠦ ᠣᠷᠣᠨ ᠤ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ 2.43 ᠳ᠋ᠦᠩᠰᠢᠭᠤᠷ ᠲᠤᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13.5% ᠨᠡᠮᠡᠭᠳᠡᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 17.4 ᠵᠠᠭᠤᠨ ᠤ ᠴᠡᠭ ᠨᠡᠮᠡᠭᠳᠡᠪᠡ᠂ ᠡᠭᠦᠨ ᠳᠤ ᠲᠡᠮᠦᠷ ᠵᠠᠮ ᠤᠨ ᠨᠡᠭᠦᠷᠡᠰᠦᠨ | ᠲᠡᠭᠡᠭᠡᠪᠦᠷᠢ 2.13 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠨᠡᠮᠡᠭᠳᠡᠨ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19 ᠵᠠᠭᠤᠨ ᠤ ᠴᠡᠭ ᠨᠡᠮᠡᠭᠳᠡᠪᠡ︔ 1 - 4 ᠰᠠᠷ᠎ᠠ ᠳᠤ ᠪᠥᠬᠦ | ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ 3.89 ᠳ᠋ᠦᠩᠰᠢᠭᠤᠷ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ᠃ | |