ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠬᠤᠯᠪᠤᠭᠠᠯᠠᠨ ᠲᠤᠷᠰᠢᠨ ᠲᠤᠬᠢᠷᠠᠭᠤᠯᠬᠤ ᠱᠠᠲᠤᠨ ᠳᠤ ᠤᠷᠤᠪᠠ
ᠨᠡᠶᠢᠲᠡᠯᠡᠭᠰᠡᠨ ᠴᠠᠭ᠄
2017/5/2
     5 ᠳ᠋ᠤᠭᠠᠷ ᠰᠠᠷ᠎ᠠ ᠶᠢᠨ 1᠎ ᠤ ᠡᠳᠦᠷ ᠤᠨ 9 ᠴᠠᠭ ᠲᠤ᠂ CRH5J — 0501 ᠳᠡᠭᠡᠳᠦ ᠬᠤᠷᠳᠤᠴᠠᠲᠤ ᠲᠡᠮᠦᠷ ᠵᠠᠮ ᠤᠨ ᠶᠡᠷᠦᠩᠬᠡᠶᠢᠯᠡᠨ ᠰᠢᠯᠭᠠᠨ ᠪᠠᠶᠢᠴᠠᠭᠠᠬᠤ ᠲᠡᠷᠭᠡ ᠬᠥᠬᠡᠬᠤᠲᠠ ᠵᠡᠭᠦᠨ ᠦᠷᠲᠡᠭᠡᠨ ᠠᠴᠠ ᠬᠦᠳᠡᠯᠦᠨ ᠠᠶᠠᠯᠠᠭᠰᠠᠨ ᠠᠴᠠ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠶᠠᠨᠴᠢᠨ ᠤ ᠵᠦᠭᠡᠭᠡᠪᠦᠷᠢ ᠶᠢᠨ ᠲᠤᠰᠬᠠᠢ ᠱᠤᠭᠤᠮ ᠤᠨ ᠬᠤᠯᠪᠤᠭᠠᠯᠠᠨ ᠲᠤᠷᠰᠢᠨ ᠲᠤᠬᠢᠷᠠᠭᠤᠯᠬᠤ ᠬᠥᠰᠢᠭᠡ ᠶᠢ ᠰᠡᠬᠦᠵᠦ᠂ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠶᠠᠨᠴᠢᠨ ᠤ ᠵᠦᠭᠡᠭᠡᠪᠦᠷᠢ ᠶᠢᠨ ᠲᠤᠰᠬᠠᠢ ᠱᠤᠭᠤᠮ ᠤᠨ ᠤᠯᠠᠭᠠᠨᠴᠠᠪ ᠠᠴᠠ ᠬᠦᠬᠡᠬᠤᠲᠠ ᠶᠢᠨ ᠵᠡᠭᠦᠨ ᠬᠡᠰᠡᠭ ᠲᠤ ᠬᠦᠷᠬᠦ ᠲᠡᠷᠭᠡ ᠨᠡᠪᠲᠡᠷᠡᠬᠦ ᠲᠤᠩᠭᠤᠷᠤᠤ ᠴᠠᠭ ᠤᠨ ᠲᠣᠭᠠᠯᠠᠯ ᠳᠤ ᠣᠷᠣᠪᠠ᠃      ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠶᠠᠨᠴᠢᠨ ᠤ ᠵᠦᠭᠡᠭᠡᠪᠦᠷᠢ ᠶᠢᠨ ᠲᠤᠰᠬᠠᠢ ᠱᠤᠭᠤᠮ ᠪᠣᠯ ᠥᠪᠥᠷ ᠮᠣᠩᠭᠤᠯ ᠤᠨ ᠠᠩᠬᠠᠳᠠᠭᠴᠢ ᠰᠢᠨ᠎ᠡ ᠪᠠᠷ ᠪᠠᠶᠢᠭᠤᠯᠤᠭᠰᠠᠨ ᠳᠡᠭᠡᠳᠦ ᠬᠤᠷᠳᠤᠴᠠᠲᠤ ᠲᠡᠮᠦᠷ ᠵᠠᠮ ᠮᠦᠨ᠂ ᠪᠦᠬᠦ ᠣᠷᠳᠣ ᠨᠢ 286.8 ᠺᠢᠯᠣᠮᠧᠲᠷ᠂ ᠡᠭᠦᠨ ᠳᠤ ᠤᠯᠠᠭᠠᠨᠴᠠᠪ ᠠᠴᠠ ᠬᠥᠬᠡᠬᠤᠲᠠ ᠶᠢᠨ ᠵᠡᠭᠦᠨ ᠲᠤ ᠬᠦᠷᠬᠦ ᠬᠡᠰᠡᠭ ᠤᠨ ᠪᠦᠬᠦ ᠣᠷᠳᠣ ᠨᠢ ᠪᠠᠷᠤᠭ 130 ᠺᠢᠯᠣᠮᠧᠲᠷ ᠪᠠᠶᠢᠵᠤ᠂ ᠤᠯᠠᠭᠠᠨᠴᠠᠪ᠂ ᠵᠦᠸᠧᠽᠢ ᠵᠡᠭᠦᠨ᠂ ᠴᠢ ᠰᠢᠶᠠ ᠶᠢᠩ ᠡᠮᠦᠨ᠎ᠡ᠂ ᠬᠥᠬᠡᠬᠤᠲᠠ ᠵᠡᠭᠦᠨ ᠥᠷᠲᠡᠭᠡ ᠵᠡᠷᠭᠡ ᠶᠢ ᠪᠠᠶᠢᠭᠤᠯᠵᠤ᠂ ᠭᠠᠯᠲᠤ ᠲᠡᠷᠭᠡᠨ ᠤ ᠲᠥᠯᠥᠪᠯᠡᠭᠡ ᠶᠢᠨ ᠬᠤᠷᠳᠤᠴᠠ ᠨᠢ 250 ᠺᠢᠯᠣᠮᠧᠲᠷ \ ᠴᠠᠭ ᠪᠤᠯᠤᠨ᠎ᠠ᠃      ᠲᠠᠨᠢᠯᠴᠠᠭᠤᠯᠤᠭᠰᠠᠨ ᠢᠶᠠᠷ᠂ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠶᠠᠨᠴᠢᠨ ᠤ ᠵᠦᠭᠡᠭᠡᠪᠦᠷᠢ ᠶᠢᠨ ᠲᠤᠰᠬᠠᠢ ᠱᠤᠭᠤᠮ ᠤᠨ ᠬᠤᠯᠪᠤᠭᠠᠯᠠᠨ ᠲᠤᠷᠰᠢᠨ ᠲᠤᠬᠢᠷᠠᠭᠤᠯᠬᠤ ᠨᠢ ᠭᠤᠤᠯᠳᠠᠭᠤ ᠭᠠᠯᠲᠤ ᠲᠡᠷᠭᠡᠨ ᠳᠡᠭᠡᠷ᠎ᠡ ᠤᠭᠰᠠᠷᠠᠵᠤ ᠪᠠᠶᠢᠭ᠎ᠠ ᠪᠠᠶᠢᠴᠠᠭᠠᠬᠤ ᠲᠥᠬᠦᠭᠡᠷᠦᠮᠵᠢ ᠶᠢ ᠶᠡᠷᠦᠩᠬᠡᠶᠢᠯᠡᠨ ᠪᠠᠶᠢᠴᠠᠭᠠᠨ ᠰᠢᠯᠭᠠᠬᠤ ᠪᠠᠷ ᠳᠠᠮᠵᠢᠭᠤᠯᠤᠨ᠂ ᠲᠣᠭᠲᠠᠭᠰᠠᠨ ᠰᠢᠯᠭᠠᠯᠲᠠ ᠶᠢᠨ ᠬᠤᠷᠳᠤᠴᠠ ᠶᠢᠨ ᠳᠣᠣᠷ᠎ᠠ ᠳᠡᠭᠡᠳᠦ ᠬᠤᠷᠳᠤᠴᠠᠲᠤ ᠲᠡᠮᠦᠷ ᠵᠠᠮ ᠤᠨ ᠡᠯ᠎ᠡ ᠰᠢᠰᠲ᠋ᠧᠮ ᠳᠤ ᠶᠡᠷᠦᠩᠬᠡᠶᠢᠯᠡᠭᠰᠡᠨ ᠰᠢᠯᠭᠠᠯᠲᠠ ᠬᠢᠵᠦ᠂ ᠴᠢᠮᠡᠭᠡ ᠬᠤᠯᠪᠣᠭ᠎ᠠ᠂ ᠲᠤᠬᠢᠶ᠎ᠠ᠂ ᠠᠶᠠᠨᠴᠢᠨ ᠤ ᠲᠡᠭᠡᠭᠡᠪᠦᠷᠢ ᠶᠢᠨ ᠦᠢᠯᠡᠴᠢᠯᠡᠭᠡ᠂ ᠪᠠᠶᠢᠭᠠᠯᠢ ᠶᠢᠨ ᠭᠠᠮᠰᠢᠭ ᠵᠢᠴᠢ ᠰᠤᠨᠢᠨ ᠶᠠᠭᠤᠮ᠎ᠠ ᠶᠢᠨ ᠬᠠᠯᠳᠠᠯᠭ᠎ᠠ ᠬᠢᠵᠠᠭᠠᠷᠯᠠᠯ ᠢ ᠬᠢᠨᠠᠨ ᠬᠡᠮᠵᠢᠬᠦ ᠵᠡᠷᠭᠡ ᠰᠢᠰᠲ᠋ᠧᠮ ᠤᠨ ᠴᠢᠳᠠᠮᠵᠢ ᠶᠢ ᠦᠨᠡᠯᠡᠬᠦ ᠪᠠ ᠰᠢᠯᠭᠠᠨ ᠪᠠᠲᠤᠯᠠᠵᠤ᠂ ᠲᠡᠮᠦᠷ ᠵᠠᠮ᠂ ᠵᠠᠮ ᠤᠨ ᠰᠠᠭᠤᠷᠢ᠂ ᠬᠦᠭᠦᠷᠭᠡ᠂ ᠨᠦᠭᠡᠨ ᠵᠠᠮ ᠵᠡᠷᠭᠡ ᠪᠦᠲᠦᠴᠡ ᠶᠢᠨ ᠪᠠᠷᠢᠯᠭ᠎ᠠ ᠶᠢᠨ ᠭᠡᠷᠡᠭᠯᠡᠭᠡᠨᠳᠤ ᠴᠢᠨᠠᠷ ᠢ ᠰᠢᠯᠭᠠᠨ ᠪᠠᠲᠤᠯᠠᠵᠤ᠂ ᠬᠡᠯᠪᠡᠯᠵᠡᠯᠲᠡ ᠶᠢᠨ ᠱᠤᠤᠭᠢᠶᠠᠨ᠂ ᠳᠠᠭᠤᠨ ᠬᠠᠯᠬᠠᠪᠴᠢ᠂ ᠴᠠᠬᠢᠯᠭᠠᠨ ᠰᠣᠷᠢᠨᠵᠢᠨ ᠣᠷᠴᠢᠨ ᠲᠣᠭᠤᠷᠢᠨ ᠵᠡᠷᠭᠡ ᠨᠢ ᠬᠤᠯᠪᠣᠭᠳᠠᠯ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠭᠦ ᠶᠢ ᠰᠢᠯᠭᠠᠨ ᠪᠠᠲᠤᠯᠠᠨ᠎ᠠ᠃      ᠤᠶᠢᠯᠭᠠᠭᠰᠠᠨ ᠢᠶᠠᠷ᠂ ᠴᠢᠭᠤᠯᠤᠯᠲᠤ ᠬᠠᠭᠠᠯᠭ᠎ᠠ — ᠬᠥᠬᠡᠬᠤᠲᠠ ᠬᠦᠷᠬᠦ ᠠᠶᠠᠨᠴᠢᠨ ᠤ ᠵᠦᠭᠡᠭᠡᠪᠦᠷᠢ ᠶᠢᠨ ᠲᠤᠰᠬᠠᠢ ᠱᠤᠭᠤᠮ ᠤᠨ ᠤᠯᠠᠭᠠᠨᠴᠠᠪ ᠠᠴᠠ ᠬᠦᠬᠡᠬᠤᠲᠠ ᠵᠡᠭᠦᠨ ᠬᠡᠰᠡᠭ ᠤᠨ ᠬᠤᠯᠪᠤᠭᠠᠯᠠᠨ ᠲᠤᠷᠰᠢᠨ ᠲᠤᠬᠢᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠡᠨᠡ ᠵᠢᠯ ᠤᠨ 7 ᠳ᠋ᠤᠭᠠᠷ ᠰᠠᠷ᠎ᠠ ᠳᠤ ᠲᠡᠷᠭᠡ ᠨᠡᠪᠲᠡᠷᠡᠨ᠎ᠡ᠃ ᠲᠡᠷᠡ ᠦᠶ᠎ᠡ ᠳᠤ᠂ ᠤᠯᠠᠭᠠᠨᠴᠠᠪ ᠠᠴᠠ ᠬᠥᠬᠡᠬᠤᠲᠠ ᠳᠤ ᠬᠦᠷᠬᠦ ᠳᠤ ᠵᠥᠪᠬᠡᠨ 35 ᠮᠢᠨᠦ᠋ᠲ ᠬᠡᠷᠡᠭᠰᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号