ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ︽13·5︾᠎ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2017/5/2
      4 ᠳ᠋ᠦ᠋ᠭᠡᠷ ᠰᠠᠷ᠎ᠠ ᠶᠢᠨ 28᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤ ᠤᠷᠳᠤᠨ ᠤ ᠰᠤᠨᠢᠨ ᠮᠡᠳᠡᠬᠡᠨ ᠤ ᠠᠯᠪᠠᠨ ᠭᠡᠷ ᠰᠤᠨᠢᠨ ᠮᠡᠳᠡᠭᠡ ᠨᠠᠶᠢᠳᠡᠯᠡᠬᠦ ᠬᠤᠷᠠᠯ ᠬᠢᠵᠦ᠂ ᠦᠪᠡᠷᠳᠡᠬᠡᠨ ᠵᠠᠰᠠᠬᠤ ᠤᠷᠤᠨ ᠤ ︽13·5︾᠎ ᠶᠢᠨ ᠠᠵᠦ ᠦᠢᠯᠡᠳᠪᠦᠷᠢ ᠶᠢᠨ ᠬᠦᠭᠵᠢᠯᠳᠡ ᠶᠢᠨ ᠲᠦᠯᠦᠪᠵᠢᠬᠦᠯᠬᠡ ᠶᠢᠨ ᠲᠤᠬᠠᠢ ᠰᠤᠨᠢᠨ ᠮᠡᠳᠡᠭᠡ ᠨᠡᠶᠢᠳᠡᠯᠡᠪᠡ᠃      ︽ᠲᠦᠯᠦᠪᠵᠢᠬᠦᠯᠬᠡ︾᠎ ᠶᠢ ᠦᠨᠳᠦᠰᠦᠯᠡᠪᠡᠯ᠂ ︽13·5︾᠎ ᠶᠢᠨ ᠬᠤᠭᠤᠴᠠᠭᠠᠨ ᠳᠤ᠂ ᠪᠦᠬᠦ ᠤᠷᠤᠨ ᠤ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠢ ᠵᠢᠯ ᠲᠤᠮᠳᠠᠴᠢ ᠪᠠᠷ 8% ᠨᠡᠮᠡᠭᠳᠡᠬᠦᠯᠦᠨ᠂ ᠠᠵᠦ ᠦᠢᠯᠡᠳᠪᠦᠷᠢ ᠶᠢᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠨᠡᠶᠢᠳᠡ 3.8 ᠲᠦᠮᠡᠨ ᠳ᠋ᠦᠩᠰᠢᠭᠤᠷ ᠲᠦᠬᠦᠷᠢᠭ ᠲᠤ ᠬᠦᠷᠬᠡᠵᠦ᠂ ᠨᠡᠬᠦᠷᠡᠰᠦᠨ ᠤ ᠠᠵᠦ ᠦᠢᠯᠡᠰ ᠤᠨ ᠨᠡᠮᠡᠭᠳᠡᠯ ᠦᠷᠲᠡᠭ ᠤᠨ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠵᠡᠯᠡᠬᠦ ᠬᠠᠷᠢᠴᠠᠯ ᠢ 18% ᠤᠷᠴᠢᠮ ᠪᠤᠯᠭᠠᠨ ᠪᠠᠭᠤᠷᠠᠭᠤᠯᠵᠦ᠂ ᠥᠩᠭᠡᠲᠦ ᠲᠡᠮᠦᠷᠯᠢᠭ᠂ ᠮᠠᠰᠢᠨ ᠲᠤᠨᠤᠬᠯᠠᠯ ᠦᠢᠯᠡᠳᠬᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠬᠦᠯᠦᠨ ᠪᠤᠯᠪᠠᠰᠤᠷᠠᠭᠤᠯᠬᠤ᠂ ᠲᠤᠯᠤᠭᠠᠨ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠤᠨ ᠡᠵᠡᠯᠡᠬᠦ ᠬᠠᠷᠢᠴᠠᠯ ᠢ ᠲᠤᠰᠪᠤᠷᠢ 10%᠂ 8%᠂ 18%᠂ 10%᠎ ᠠᠴᠠ ᠲᠡᠭᠡᠭᠰᠢ ᠳᠤ ᠬᠦᠷᠬᠡᠵᠦ᠂ ᠨᠢᠬᠡᠴᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠲᠠᠬᠢ ᠡᠨᠧᠷᠬᠢ ᠶᠢᠨ ᠬᠤᠷᠤᠬᠳᠠᠯ ᠢ 19% ᠪᠠᠭᠤᠷᠠᠭᠤᠯᠤᠨ᠂ ᠨᠢᠬᠡᠴᠢ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠲᠠᠬᠢ ᠤᠰᠤ ᠬᠡᠷᠡᠭᠯᠡᠬᠦ ᠬᠡᠮᠵᠢᠶ᠎ᠠ ᠶᠢ 20% ᠤᠷᠴᠢᠮ ᠢᠶᠠᠷ ᠪᠠᠭᠤᠷᠠᠭᠤᠯᠬᠤ ᠪᠤᠯᠤᠨ᠎ᠠ᠃      ᠤᠶᠢᠯᠠᠭᠠᠬᠰᠠᠨ ᠢᠶᠠᠷ᠂ ᠲᠤᠰ ︽ᠲᠦᠯᠦᠪᠵᠢᠬᠦᠯᠬᠡ︾᠎ ᠨᠢ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠦᠭᠵᠢᠯᠳᠡ ᠶᠢᠨ ᠬᠠᠷᠠᠯᠳᠠ ᠵᠢᠴᠢ ᠭᠤᠤᠯ ᠬᠦᠭᠵᠢᠯᠳᠡ ᠶᠢᠨ ᠡᠬᠦᠷᠬᠡ᠂ ᠪᠠᠲᠤᠯᠠᠬᠤ ᠠᠷᠭ᠎ᠠ ᠠᠪᠴᠠᠯ ᠵᠡᠷᠬᠡ ᠭᠤᠷᠪᠠᠨ ᠬᠡᠰᠡᠭ ᠢᠶᠠᠷ ᠪᠦᠷᠢᠯᠳᠦᠵᠡᠢ᠃ ᠭᠤᠤᠯ ᠬᠦᠭᠵᠢᠯᠳᠡ ᠶᠢᠨ ᠡᠬᠦᠷᠬᠡ ᠨᠢ ︽ᠲᠦᠷᠪᠡᠨ ᠶᠡᠭᠡ ᠤᠯᠠᠮᠵᠢᠯᠠᠯᠳᠤ ᠠᠵᠦ ᠦᠢᠯᠡᠳᠪᠦᠷᠢ ᠶᠢᠨ ᠰᠠᠭᠤᠷᠢᠨ︾᠎ ᠢ ᠰᠢᠯᠢᠳᠡᠭᠵᠢᠭᠦᠯᠦᠨ ᠬᠦᠴᠦᠷᠭᠡᠭᠵᠢᠬᠦᠯᠬᠦ᠂ ᠲᠤᠯᠤᠭᠠᠨ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ ᠲᠦᠷᠬᠡᠳᠬᠡᠨ ᠬᠦᠭᠵᠢᠬᠦᠯᠬᠦ᠂ ᠠᠵᠦ ᠦᠢᠯᠡᠳᠪᠦᠷᠢ ᠶᠢᠨ ᠰᠢᠨ᠎ᠠ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ᠂ ᠠᠵᠤ ᠦᠢᠯᠡᠳᠪᠦᠷᠢ ᠶᠢᠨ ᠪᠦᠲᠦᠴᠡ ᠶᠢ ᠦᠷᠬᠦᠯᠵᠢᠯᠡᠨ ᠰᠢᠯᠢᠳᠡᠭᠵᠢᠬᠦᠯᠬᠦ᠂ ᠠᠵᠦ ᠦᠢᠯᠡᠳᠪᠦᠷᠢ ᠶᠢᠨ ᠪᠤᠬᠢᠷᠳᠤᠯ ᠦᠬᠡᠢ ᠬᠦᠭᠵᠢᠯᠳᠡ ᠶᠢ ᠠᠬᠢᠭᠤᠯᠬᠤ᠂ ᠠᠵᠦ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ᠂ ᠶᠠᠰᠤ ᠴᠢᠨᠠᠷ ᠪᠠ ᠲᠦᠷᠦᠯ ᠲᠡᠮᠳᠡᠭ ᠤᠨ ᠪᠦᠲᠦᠬᠡᠨ ᠪᠠᠶᠢᠭᠤᠯᠤᠯᠳᠠ ᠶᠢ ᠴᠢᠩᠭᠠᠳᠬᠠᠬᠤ᠂ ᠲᠤᠮᠳᠠ ᠪᠠᠭ᠎ᠠ ᠠᠵᠦ ᠠᠬᠤᠶᠢᠯᠠᠯ ᠤᠨ ᠦᠷᠬᠦᠯᠵᠢᠯᠨᠨ ᠡᠷᠡᠬᠦᠯ ᠢᠶᠠᠷ ᠬᠦᠭᠵᠢᠬᠦ ᠶᠢ ᠠᠬᠢᠭᠤᠯᠬᠤ᠂ ᠠᠵᠦ ᠦᠢᠯᠡᠳᠪᠦᠷᠢ ᠶᠢᠨ ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠬᠦ ᠵᠡᠷᠬᠡ ᠶᠢᠰᠦᠨ ᠲᠠᠯ᠎ᠠ ᠶᠢᠨ ᠠᠭᠤᠯᠭ᠎ᠠ ᠶᠢ ᠪᠠᠭᠳᠠᠭᠠᠵᠠᠢ᠃ ᠠᠵᠦ ᠦᠢᠯᠡᠳᠪᠦᠷᠢ ᠶᠢᠨ ᠬᠦᠭᠵᠢᠯᠳᠡ ᠶᠢ ᠪᠠᠲᠤᠯᠠᠬᠤ ᠠᠷᠭ᠎ᠠ ᠠᠪᠴᠠᠯ ᠨᠢ ᠵᠠᠰᠠᠬ ᠤᠨ ᠤᠷᠳᠤᠨ ᠤ ᠡᠬᠦᠷᠬᠡ ᠴᠢᠳᠠᠮᠵᠢ ᠶᠢ ᠲᠦᠷᠬᠡᠳᠬᠡᠨ ᠬᠤᠪᠢᠷᠠᠭᠤᠯᠬᠤ᠂ ᠡᠳ᠋ ᠤᠨ ᠵᠠᠰᠠᠬ ᠭᠠᠶᠢᠯᠢ ᠶᠢᠨ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠬᠦ᠂ ᠮᠦᠩᠬᠦᠨ ᠬᠦᠢᠯᠬᠡᠬᠡ ᠪᠠᠷ ᠪᠤᠳᠠᠳᠤ ᠠᠵᠦ ᠠᠬᠤᠢ ᠶᠢ ᠲᠡᠮᠵᠢᠬᠦ ᠡᠷᠴᠢᠮ ᠢ ᠴᠢᠩᠭᠠᠷᠠᠭᠤᠯᠬᠤ᠂ ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ ᠶᠢ ᠴᠢᠩᠭᠠᠳᠬᠠᠬᠤ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠬ ᠤᠨ ᠬᠠᠮᠢᠶᠠᠷᠤᠯᠳᠠ ᠶᠢ ᠰᠠᠶᠢᠵᠢᠷᠠᠭᠤᠯᠬᠤ᠂ ᠬᠦᠮᠦᠨ ᠤ ᠬᠦᠴᠦᠨ ᠤ ᠡᠬᠢ ᠪᠠᠶᠠᠯᠢᠬ ᠤᠨ ᠪᠠᠲᠤᠯᠠᠪᠤᠷᠢ ᠶᠢᠨ ᠰᠠᠭᠤᠷᠢ ᠶᠢ ᠪᠠᠳᠤᠳᠬᠠᠬᠤ᠂ ᠲᠦᠯᠦᠪᠵᠢᠬᠦᠯᠬᠡ ᠶᠢ ᠬᠡᠷᠡᠭᠵᠢᠬᠦᠯᠬᠦ ᠡᠷᠴᠢᠮ ᠢ ᠴᠢᠩᠭᠠᠷᠠᠭᠤᠯᠬᠤ ᠵᠡᠷᠬᠡ ᠲᠤᠯᠤᠭᠠᠨ ᠲᠠᠯ᠎ᠠ ᠶᠢᠨ ᠠᠭᠤᠯᠭ᠎ᠠ ᠶᠢ ᠬᠠᠮᠤᠷᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号