ᠪᠦᠬᠦ ᠤᠷᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/5/2
     4 ᠳ᠋ᠦ᠋ᠭᠡᠷ ᠰᠠᠷ᠎ᠠ ᠶᠢᠨ 28᠎ ᠤ ᠡᠳᠦᠷ᠂ ᠪᠦᠬᠦ ᠤᠷᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠠᠩ ᠬᠤᠸᠠ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃      ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠤᠷᠤᠨ ᠤ ᠡᠯ᠎ᠡ ᠱᠠᠳᠤ ᠶᠢᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠡᠷᠴᠢᠮᠳᠠᠢ ᠠᠬᠢᠭᠤᠯᠵᠤ᠂ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠳᠤᠭᠳᠠᠭᠤᠨ ᠤ ᠳᠤᠮᠳᠠ ᠤᠷᠤᠭᠰᠢᠯᠠᠯᠳᠠ ᠲᠠᠢ᠂ ᠳᠤᠭᠳᠠᠭᠤᠨ ᠤ ᠳᠤᠮᠳᠠ ᠰᠠᠶᠢᠵᠢᠷᠠᠯᠳᠠ ᠲᠠᠢ ᠪᠡᠶᠢᠵᠤ᠂ ᠲᠦᠷᠦᠬᠦᠦ ᠤᠯᠠᠷᠢᠯ ᠤᠨ ᠰᠠᠶᠢᠨ ᠡᠬᠢᠯᠡᠯᠳᠡ ᠶᠢ ᠪᠡᠶᠡᠯᠡᠬᠦᠯᠪᠡ᠃ ᠡᠳ᠋ ᠤᠨ ᠵᠠᠰᠠᠭ ᠤᠨ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠨᠡᠯᠢᠶᠡᠳ ᠲᠦᠷᠭᠡᠨ ᠨᠡᠮᠡᠭᠳᠡᠵᠤ᠂ ᠪᠦᠬᠦ ᠵᠢᠯ ᠤᠨ ᠡᠬᠦᠷᠭᠡ ᠶᠢ ᠪᠡᠶᠡᠯᠡᠬᠦᠯᠬᠦ ᠳᠤ ᠰᠠᠶᠢᠨ ᠰᠠᠭᠤᠷᠢ ᠳᠠᠯᠪᠢᠪᠠ ᠭᠡᠵᠡᠢ᠃      ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠪᠦᠬᠦ ᠬᠦᠴᠦᠨ ᠢᠶᠠᠷ ᠡᠳ᠋ ᠤᠨ ᠵᠠᠰᠠᠭ ᠤᠨ ᠤᠷᠤᠯᠭ᠎ᠠ ᠶᠢ ᠵᠤᠬᠢᠶᠠᠨ ᠪᠠᠶᠢᠭᠤᠯᠵᠤ᠂ ᠪᠡᠯᠡ ᠤᠷᠤᠭᠤᠯᠤᠯᠳᠠ ᠶᠢᠨ ᠬᠦᠭᠵᠢᠯᠳᠠ ᠠᠴᠠ ᠡᠳ᠋ ᠤᠨ ᠵᠠᠰᠠᠭ ᠤᠨ ᠢᠷᠡᠯᠳᠠ ᠶᠢ ᠤᠯᠬᠤ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦᠯᠬᠦ ᠠᠴᠠ ᠡᠳ᠋ ᠤᠨ ᠵᠠᠰᠠᠭ ᠤᠨ ᠢᠷᠡᠯᠳᠠ ᠶᠢ ᠤᠯᠬᠤ᠂ ᠰᠢᠨ᠎ᠡ ᠶᠢ ᠡᠬᠦᠳᠬᠦ ᠬᠦᠳᠡᠯᠭᠡᠭᠦᠷ ᠠᠴᠠ ᠡᠳ᠋ ᠎ ᠤᠨ ᠵᠠᠰᠠᠭ ᠤᠨ ᠢᠷᠡᠯᠳᠠ ᠶᠢ ᠤᠯᠬᠤ ᠶᠢ ᠪᠠᠷᠢᠮᠳᠠᠯᠠᠵᠤ᠂ ᠡᠳ᠋ ᠤᠨ ᠵᠠᠰᠠᠭ ᠤᠨ ᠢᠷᠡᠯᠳᠡ ᠶᠢᠨ ᠪᠠᠶᠢᠭᠤᠯᠤᠯᠳᠠ ᠶᠢ ᠴᠢᠨᠠᠭᠰᠢᠳᠠ ᠴᠢᠩᠭᠠᠤᠨᠬᠠᠬᠤ ᠬᠡᠷᠡᠭᠳᠠᠢ︔ ᠭᠤᠤᠯ ᠴᠤᠭᠴᠠ ᠶᠢᠨ ᠭᠠᠶᠢᠯᠢ ᠶᠢᠨ ᠲᠦᠷᠦᠯ ᠤᠨ ᠡᠵᠡᠯᠡᠬᠦ ᠬᠠᠷᠢᠴᠠᠯ ᠢ ᠴᠢᠷᠮᠠᠶᠢᠨ ᠨᠡᠮᠡᠭᠳᠡᠬᠦᠯᠵᠤ᠂ ᠭᠠᠶᠢᠯᠢ ᠶᠢᠨ ᠪᠤᠰᠤ ᠤᠷᠤᠯᠭ᠎ᠠ ᠶᠢᠨ ᠡᠵᠡᠯᠡᠬᠦ ᠬᠠᠷᠢᠴᠠᠯ ᠢ ᠪᠠᠭᠠᠰᠬᠠᠵᠤ᠂ ᠤᠷᠤᠯᠭ᠎ᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠬᠡᠷᠡᠭᠳᠠᠢ︔ ᠡᠳ᠋ ᠤᠨ ᠵᠠᠰᠠᠭ ᠤᠨ ᠵᠠᠷᠤᠯᠭ᠎ᠠ ᠶᠢᠨ ᠠᠬᠢᠴᠠ ᠶᠢ ᠲᠦᠷᠬᠡᠳᠬᠡᠵᠤ᠂ ᠲᠦᠰᠦᠪ ᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠣᠨᠴᠣᠭᠤᠶᠢᠯᠠᠨ 70 ᠵᠢᠯ ᠤᠨ ᠤᠢ ᠶᠢᠨ ᠲᠦᠷᠦᠯ ᠵᠦᠢᠯ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠷᠠᠳ ᠤᠨ ᠠᠮᠢᠳᠤᠷᠠᠯ ᠤᠨ ᠵᠠᠷᠤᠯᠭ᠎ᠠ᠂ ︽ᠨᠠᠢᠮᠠᠨ ᠵᠤᠶᠢᠯ ᠤᠨ ᠵᠠᠷᠤᠯᠭ᠎ᠠ︾ ᠵᠡᠷᠭᠡ ᠭᠤᠤᠯᠳᠠᠯᠭ᠎ᠠ ᠲᠠᠢ ᠵᠠᠷᠤᠯᠭ᠎ᠠ ᠶᠢᠨ ᠵᠦᠢᠯᠡᠰ ᠎ ᠢ ᠱᠠᠯᠠᠪᠳᠠᠨ ᠵᠤᠬᠢᠶᠠᠨ ᠪᠠᠶᠢᠭᠤᠯᠵᠤ ᠬᠡᠷᠡᠭᠵᠢᠬᠦᠯᠤᠨ᠂ ᠪᠡᠯᠡ ᠮᠦᠡᠭᠬᠦ ᠪᠠᠭᠤᠯᠭᠠᠬᠤ  ᠶᠢ ᠲᠦᠷᠭᠡᠳᠬᠡᠬᠦ ᠬᠡᠷᠡᠭᠳᠠᠢ᠃ ᠡᠳ᠋ ᠤᠨ ᠵᠠᠰᠠᠭ ᠤᠨ ᠠᠵᠤ ᠠᠬᠤᠢ ᠶᠢᠨ ᠰᠠᠬᠢᠯᠭ᠎ᠠ ᠪᠠᠳᠤ ᠶᠢ ᠴᠢᠩᠳᠡᠯᠠᠵᠤ᠂ ᠡᠳ᠋ ᠤᠨ ᠵᠠᠰᠠᠭ ᠤᠨ ᠪᠡᠯᠡ ᠮᠦᠡᠭᠬᠦ ᠶᠢᠨ ᠬᠠᠮᠢᠶᠠᠷᠤᠯᠳᠠ ᠪᠠ ᠬᠢᠨᠠᠯᠳᠠ ᠶᠢ ᠦᠨᠡᠨᠬᠦ ᠴᠢᠩᠭᠠᠤᠨᠬᠠᠬᠤ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号