ᠤᠷᠤᠰ ᠤᠨ ᠬᠢᠯᠢ ᠠᠴᠠ ᠤᠷᠤᠵᠤ ᠢᠷᠡᠭᠰᠡᠨ ᠲᠦᠢᠮᠡᠷ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠤᠶᠢᠳᠤ ᠭᠡᠰᠡᠭ ᠤᠨ ᠪᠠᠯᠠᠷ ᠤᠢ ᠳᠤ ᠵᠤᠯᠭᠠᠪᠠ
ᠨᠡᠶᠢᠲᠡᠯᠡᠭᠰᠡᠨ ᠴᠠᠭ᠄
2017/5/2
     4 ᠳ᠋ᠦ᠋ᠭᠡᠷ ᠰᠠᠷ᠎ᠠ ᠶᠢᠨ 30᠎ ᠤ ᠡᠳᠦᠷ ᠤᠨ 14 ᠴᠠᠬ ᠲᠤ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭ᠎ᠠ ᠶᠢᠨ ᠬᠤᠶᠢᠳᠤ ᠭᠡᠰᠡᠭ ᠤᠨ ᠰᠢᠭᠤᠶᠢᠲᠤ ᠤᠷᠤᠨ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠶᠢᠨ ᠤᠷᠤᠰ ᠤᠨ ᠠᠭᠤᠯᠵᠠᠷ ᠲᠤ ᠤᠢ ᠰᠢᠭᠤᠢ ᠶᠢᠨ ᠲᠤᠶᠢᠮᠡᠷ ᠭᠠᠷᠤᠭᠰᠠᠨ ᠰᠡᠵᠢᠭᠯᠡᠯ ᠲᠠᠢ ᠪᠠᠶᠢᠳᠠᠯ ᠢᠯᠡᠷᠡᠵᠦ᠂ ᠲᠦᠢᠮᠡᠷ ᠡᠭᠦᠰᠦᠭᠰᠡᠨ ᠭᠠᠵᠠᠷ ᠤᠨ ᠤᠬᠲᠠᠷᠭᠤᠢ ᠳᠤ ᠤᠲᠤᠭ᠎ᠠ ᠤᠨᠢᠶᠡᠷ ᠨᠡᠯᠢᠶᠡᠳ ᠶᠡᠭᠡ᠂ ᠬᠢᠯᠢ ᠳᠠᠭᠠᠤ ᠤᠷᠤᠨ ᠤ ᠨᠢᠰᠬᠦ ᠬᠢᠵᠠᠭᠠᠷᠯᠠᠯ ᠠᠴᠠ ᠪᠤᠯᠵᠤ᠂ ᠤᠨᠤᠪᠴᠢᠲᠠᠢ ᠪᠡᠶᠢᠷᠢ ᠳᠤᠬᠲᠠᠭᠠᠬᠤ ᠳᠤ ᠬᠦᠴᠢᠷ ᠪᠠᠶᠢᠯ᠎ᠠ᠃ ᠲᠤᠬᠠᠢ ᠶᠢᠨ ᠭᠠᠵᠠᠷ ᠤᠨ ᠬᠢᠨ ᠳᠠᠷᠤᠢ ᠲᠦᠷᠭᠡᠨ ᠬᠦᠳᠡᠯᠦᠯᠴᠡᠵᠦ᠂ ᠴᠡᠷᠢᠭ ᠎ ᠤᠨ ᠬᠦᠴᠦ ᠪᠠᠨ ᠳᠦᠪᠯᠡᠷᠡᠭᠦᠯᠵᠦ᠂ ᠪᠦᠬᠦ ᠬᠦᠴᠦᠨ ᠢᠶᠠᠷ ᠲᠤᠶᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠦᠷᠨᠢᠭᠦᠯᠵᠡᠢ᠃ 5 ᠳ᠋ᠤᠭᠠᠷ ᠰᠠᠷ᠎ᠠ ᠶᠢᠨ 1᠎ ᠤ ᠡᠳᠦᠷ ᠤᠨ 5᠄ 30᠎ ᠳᠤ ᠨᠢᠰᠬᠡᠯ ᠢᠶᠠᠷ ᠪᠠᠶᠢᠴᠠᠭᠠᠨ ᠦᠵᠡᠬᠦ ᠪᠠᠷ ᠳᠠᠮᠵᠢᠨ᠂ ᠤᠷᠤᠰ ᠤᠨ ᠬᠢᠯᠢ ᠠᠴᠠ ᠤᠷᠤᠵᠤ ᠢᠷᠡᠭᠰᠡᠨ ᠲᠦᠢᠮᠡᠷ ᠬᠤᠶᠢᠳᠤ ᠭᠡᠰᠡᠭ ᠤᠨ ᠪᠠᠯᠠᠷ ᠤᠢ ᠶᠢᠨ ᠦᠮᠠ ᠤᠢ ᠰᠢᠭᠤᠢ ᠶᠢᠨ ᠲᠤᠪᠴᠢᠶ᠎ᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠳᠤ ᠵᠤᠯᠭᠠᠭᠰᠠᠨ ᠢ ᠨᠤᠲᠠᠯᠠᠪᠠ᠃      ᠲᠤᠶᠢᠮᠡᠷ ᠭᠠᠷᠤᠬᠰᠠᠨ ᠤ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠳᠠᠷᠤᠢ ᠳᠤᠨᠢ ᠴᠤᠬᠤᠯᠠᠪᠤᠷᠢ ᠦᠭᠴᠦ ᠱᠠᠭᠠᠷᠳᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠪᠠ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠲᠤᠶᠢᠮᠡᠷ ᠢ ᠰᠡᠷᠭᠡᠶᠢᠯᠡᠬᠦ ᠵᠢᠯᠤᠭᠤᠳᠬᠤ ᠭᠠᠵᠠᠷ ᠳᠠᠷᠤᠢ ᠲᠦᠷᠭᠡᠨ ᠬᠦᠴᠦᠨ ᠢᠶᠠᠨ ᠵᠤᠬᠢᠶᠠᠨ ᠪᠠᠶᠢᠭᠤᠯᠵᠤ ᠦᠮᠠ ᠶᠢᠨ ᠢᠮᠦ᠋ ᠭᠤᠤᠯ ᠤᠢ ᠰᠢᠭᠤᠢ ᠶᠢᠨ ᠲᠠᠯᠠᠪᠠᠢ ᠶᠢᠨ ᠲᠤᠶᠢᠮᠡᠷ ᠭᠠᠷᠤᠬᠰᠠᠨ ᠡᠮᠦᠨ᠎ᠡ ᠹᠷᠤᠨᠲ ᠲᠤ ᠬᠦᠷᠴᠤ᠂ ᠪᠦᠬᠦ ᠬᠦᠴᠦᠨ ᠢᠶᠠᠷ ᠢᠶᠠᠨ ᠲᠤᠶᠢᠮᠡᠷ ᠢ ᠤᠨᠲᠠᠷᠠᠭᠠᠵᠤ᠂ ᠬᠤᠬᠢᠷᠠᠯ ᠢ ᠬᠠᠮᠤᠬ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠵᠤ᠂ ᠲᠤᠶᠢᠮᠡᠷ ᠤᠨᠲᠠᠷᠠᠭᠠᠬᠤ ᠬᠦᠮᠦᠰ ᠤᠨ ᠳᠣᠰ ᠪᠡᠶ᠎ᠡ ᠶᠢᠨ ᠠᠮᠤᠷ ᠲᠦᠪᠰᠢᠨ ᠢ ᠪᠠᠲᠤᠯᠠᠵᠤ᠂ ᠲᠤᠶᠢᠮᠡᠷ ᠠᠴᠠ ᠪᠤᠯᠤᠭᠰᠠᠨ ᠤᠨᠳᠤᠤ ᠭᠠᠮᠰᠢᠬ ᠡᠭᠦᠰᠬᠦ ᠠᠴᠠ ᠰᠡᠷᠭᠡᠶᠢᠯᠡᠬᠦ ᠬᠡᠷᠡᠭᠲᠡᠢ ᠭᠡᠪᠠ᠃ ᠳᠡᠷᠡ ᠴᠢᠬᠤᠯᠠᠴᠢᠯᠠᠭᠰᠠᠨ ᠨᠢ᠂ ᠤᠳᠤ ᠶᠠᠬ ᠤᠢ ᠰᠢᠭᠤᠢ᠂ ᠨᠤᠲᠤᠭ ᠪᠡᠯᠴᠢᠭᠡᠷ ᠤᠨ ᠲᠤᠶᠢᠮᠡᠷ ᠢ ᠰᠡᠷᠭᠡᠶᠢᠯᠡᠬᠦ ᠵᠠᠩᠭᠢᠯᠠᠭ᠎ᠠ ᠶᠢᠨ ᠴᠠᠬ ᠦᠶ᠎ᠡ ᠪᠤᠯᠤᠨ᠎ᠠ᠂ ᠪᠦᠬᠦ ᠤᠷᠤᠨ ᠤ ᠡᠯ᠎ᠡ ᠱᠠᠲᠤᠨ ᠤ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠳᠡᠭᠡᠳᠦ ᠬᠡᠮᠵᠢᠶ᠎ᠡ ᠪᠠᠷ ᠬᠦᠨᠳᠦᠳᠭᠡᠵᠦ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠴᠢᠨᠠᠬᠰᠢᠲᠠ ᠲᠡᠭᠦᠯᠳᠡᠷᠵᠢᠭᠦᠯᠵᠦ᠂ ᠬᠠᠮᠤᠬ ᠤᠨ ᠴᠢᠩᠭ᠎ᠠ ᠬᠦᠴᠦᠲᠠᠢ ᠠᠷᠭ᠎ᠠ ᠬᠡᠮᠵᠢᠶ᠎ᠡ ᠠᠪᠴᠤ᠂ ᠤᠨᠴᠠ ᠶᠡᠭᠡ ᠲᠤᠶᠢᠮᠡᠷ ᠤᠨ ᠠᠶᠤᠯ ᠭᠠᠷᠬᠤ ᠶᠢ ᠡᠷᠡᠰ ᠰᠡᠷᠭᠡᠶᠢᠯᠡᠬᠦ ᠭᠡᠷᠡᠭᠳᠡᠢ ᠭᠡᠵᠠᠢ᠃      ᠲᠤᠶᠢᠮᠠᠷ ᠤᠨ ᠪᠠᠶᠢᠳᠠᠯ ᠤᠨ ᠮᠡᠳᠡᠬᠦᠯᠤᠯᠳᠠ ᠶᠢ ᠤᠯᠤᠬᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠶᠢᠨ ᠲᠦᠢᠮᠡᠷ ᠢ ᠰᠡᠷᠬᠡᠶᠢᠯᠠᠵᠤ ᠤᠨᠳᠠᠷᠠᠭᠠᠬᠤ ᠵᠢᠯᠤᠭᠤᠳᠬᠤ ᠭᠠᠵᠠᠷ ᠎ ᠢ ᠲᠤᠶᠢᠮᠠᠷ ᠤᠨ ᠪᠠᠶᠢᠳᠠᠯ ᠢ ᠨᠢᠬᠳᠠ ᠠᠵᠢᠬᠯᠠᠵᠤ᠂ ᠲᠦᠢᠮᠡᠷ ᠤᠨᠳᠠᠷᠠᠭᠠᠬᠤ ᠬᠦᠴᠤᠨ ᠢ ᠢᠳᠡᠪᠬᠢᠳᠠᠢ ᠵᠤᠬᠢᠶᠠᠨ ᠪᠠᠶᠢᠭᠤᠯᠵᠤ᠂ ᠡᠮᠤᠨ᠎ᠠ ᠹᠷᠣᠨᠲ ᠲᠤ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠤᠨᠳᠠᠷᠠᠭᠠᠬᠤ ᠠᠵᠢᠯ ᠢ ᠵᠤᠬᠢᠶᠠᠨ ᠪᠠᠶᠢᠭᠤᠯᠵᠤ᠂ ᠬᠦᠮᠤᠨ ᠬᠠᠷ᠎ᠠ ᠦᠬᠦᠵᠤ ᠠᠳᠡᠬᠦ ᠶᠢ ᠡᠷᠡᠰ ᠰᠡᠷᠬᠡᠶᠢᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号