4 ᠳ᠋ᠦ᠋ᠭᠡᠷ ᠰᠠᠷ᠎ᠠ ᠶᠢᠨ 12 ᠤᠨ ᠡᠳᠦᠷ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ | ᠳᠤᠮᠳᠠᠳᠤ ᠤᠯᠤᠰ ᠤᠨ ᠠᠷᠠᠳ ᠤᠨ ᠪᠠᠩᠬᠢ᠂ ᠪᠠᠩᠬᠢ ᠶᠢᠨ ᠦᠶᠯᠡᠰ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ | ᠬᠠᠮᠲᠤᠷᠠᠨ ︽ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠢ ᠲᠤᠰᠠᠯᠠᠨ ᠲᠡᠳᠬᠦᠬᠦ ᠲᠦᠷᠦ ᠶᠢᠨ | ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠨᠡᠶᠢᠲᠡᠯᠡᠪᠡ᠃ ᠰᠤᠷᠭᠠᠨ | ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠬᠦᠴᠦᠯᠡᠨ ᠴᠢᠩᠭᠠᠳᠬᠠᠬᠤ ᠶᠡᠭᠡ ᠠᠬᠤᠶ ᠪᠠᠶᠢᠳᠠᠯ ᠤᠨ | ᠳᠣᠣᠷ᠎ᠠ᠂ ᠳᠥᠷᠪᠡᠨ ᠰᠠᠯᠠᠭ᠎ᠠ ᠮᠥᠴᠢᠷ ᠨᠢ ᠰᠤᠷᠤᠯᠭ᠎ᠠ ᠲᠡᠳᠬᠦᠬᠦ ᠶᠠᠮᠠᠷ ᠶᠠᠮᠠᠷ ᠲᠦᠷᠦ ᠶᠢᠨ ᠪᠤᠳᠤᠯᠭ᠎ᠠ ᠶᠢ | ᠪᠦᠷᠢᠨᠰᠢᠭᠦᠯᠬᠦ ᠰᠢᠨ᠎ᠡ ᠠᠷᠭ᠎ᠠ ᠬᠡᠮᠵᠢᠶ᠎ᠡ ᠪᠠᠶᠢᠬᠤ ᠪᠤᠢ︖ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ | ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠰᠤᠷᠤᠭᠴᠢ ᠨᠢᠭᠡᠪᠦᠷᠢ ᠳᠤ ᠳᠠᠮᠵᠢᠭᠤᠯᠤᠨ ᠥᠭᠬᠦ ᠶᠢ ᠬᠡᠷᠬᠢᠨ | ᠦᠨᠡᠨ ᠬᠦ ᠪᠠᠲᠤᠯᠠᠬᠤ ᠪᠣᠢ︖ ᠳᠥᠷᠪᠡᠨ ᠰᠠᠯᠠᠭ᠎ᠠ ᠮᠦᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠤᠯᠭ᠎ᠠ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ︽ᠨᠢᠭᠡ ᠶᠢ ᠴᠦ | ᠣᠷᠬᠢᠭᠳᠠᠭᠤᠯᠬᠤ ᠦᠭᠡᠢ︾ ᠪᠠᠶᠢᠯᠭᠠᠨ᠎ᠠ | ᠣᠳᠣᠬᠠᠨ ᠳᠤ᠂ ᠮᠠᠨ ᠤ ᠤᠯᠤᠰ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ | ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ ᠪᠣᠯᠣᠨ ᠤᠯᠤᠰ ᠤᠨ ᠰᠤᠷᠤᠯᠭ᠎ᠠ ᠲᠡᠳᠬᠦᠬᠦ ᠵᠢᠭᠡᠯᠡᠯᠭᠡ ᠪᠠᠷ ᠭᠤᠣᠯ | ᠪᠣᠯᠭᠠᠵᠤ᠂ ᠵᠣᠭᠤᠰ ᠮᠥᠩᠭᠦ ᠪᠠᠷ ᠲᠤᠰᠠᠯᠠᠬᠤ ᠪᠤᠰᠤᠳ ᠲᠦᠷᠦᠯ ᠵᠦᠢᠯ ᠢᠶᠠᠷ ᠬᠠᠪᠰᠤᠷᠤᠮᠵᠢ ᠪᠣᠯᠭᠠᠭᠰᠠᠨ | ᠤᠯᠤᠰ ᠤᠨ ᠲᠤᠰᠠᠯᠠᠨ ᠲᠡᠳᠬᠦᠬᠦ ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠤᠷᠤᠭᠴᠢᠳ ᠢ ᠭᠡᠷ | ᠪᠦᠯᠢ ᠶᠢᠨ ᠠᠵᠤ ᠠᠮᠢᠳᠤᠷᠠᠯ ᠨᠢ ᠬᠦᠴᠢᠷᠲᠡᠶ ᠠᠴᠠ ᠪᠤᠯᠵᠤ ᠰᠤᠷᠤᠯᠭ᠎ᠠ ᠠᠯᠳᠠᠭᠤᠯᠬᠤ ᠦᠬᠡᠢ ᠪᠠᠶᠢᠬᠤ ᠬᠠᠷᠠᠯᠲᠠ ᠶᠢ | ᠲᠦᠷᠢᠮ ᠤᠨ ᠲᠠᠯ᠎ᠠ ᠠᠴᠠ ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠨ᠎ᠠ᠃ ᠡᠨᠡ ᠤᠳᠠᠭ᠎ᠠ ᠶᠢᠨ ᠳᠥᠷᠪᠡᠨ ᠰᠠᠯᠠᠭ᠎ᠠ | ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠲᠦᠷᠤ ᠶᠢᠨ ᠪᠤᠳᠤᠯᠭ᠎ᠠ ᠶᠢ ᠴᠢᠨᠠᠭᠰᠢᠳᠠ ᠪᠦᠷᠢᠨᠰᠢᠭᠦᠯᠬᠦ ᠲᠠᠯ᠎ᠠ ᠪᠠᠷ ᠨᠢ | ᠶᠠᠮᠠᠷ ᠳᠣᠬᠢᠶ᠎ᠠ ᠲᠠᠯᠪᠢᠭᠰᠠᠨ ᠪᠤᠶ︖ | ᠲᠤᠭ᠎ᠠ ᠪᠦᠷᠢᠳᠬᠡᠯ ᠠᠴᠠ ᠦᠵᠡᠪᠡᠯ᠂ 2016 ᠣᠨ ᠳᠤ ᠵᠠᠰᠠᠭ ᠤᠨ ᠣᠷᠳᠣᠨ᠂ ᠶᠡᠭᠡ ᠳᠡᠭᠡᠳᠦ | ᠰᠤᠷᠭᠠᠭᠤᠯᠢ ᠵᠢᠴᠢ ᠨᠡᠶᠢᠭᠡᠮ ᠨᠡᠶᠢᠲᠡ ᠶᠢᠨ ᠬᠢᠨ ᠤ ᠲᠤᠰᠠᠯᠠᠨ ᠲᠡᠳᠬᠦᠭᠰᠡᠨ ᠪᠦᠬᠦ ᠤᠯᠤᠰ ᠤᠨ ᠡᠩ ᠤᠨ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢ ᠨᠡᠶᠢᠲᠡ 4281 ᠲᠦᠮᠡᠨ ᠬᠥᠮᠦᠨ ᠤᠳᠠᠭ᠎ᠠ ᠳᠤ ᠬᠦᠷᠴᠦ᠂ ᠲᠤᠰᠠᠯᠠᠨ | ᠲᠡᠳᠬᠦᠭᠰᠡᠨ ᠶᠡᠷᠦᠩᠬᠡᠶ ᠵᠣᠭᠤᠰ ᠤᠨ ᠲᠤᠭ᠎ᠠ ᠨᠢ 956 ᠳ᠋ᠥᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ᠄ | ᠡᠳ᠋ ᠤᠨ ᠵᠠᠰᠠᠭ ᠤᠨ ᠪᠡᠯᠡ ᠮᠥᠩᠭᠦ 469 ᠳ᠋ᠥᠩᠰᠢᠭᠤᠷ ᠲᠥᠭᠦᠷᠢᠭ᠂ ᠪᠠᠩᠬᠢ ᠶᠢᠨ ᠲᠠᠷᠬᠠᠭᠠᠭᠰᠠᠨ ᠤᠯᠤᠰ ᠤᠨ | ᠰᠤᠷᠤᠯᠭ᠎ᠠ ᠲᠡᠳᠬᠦᠬᠦ ᠵᠢᠭᠡᠯᠡᠯᠭᠡ 263 ᠳ᠋ᠥᠩᠰᠢᠭᠤᠷ ᠲᠥᠭᠦᠷᠢᠭ᠂ ᠶᠡᠭᠡ ᠳᠡᠭᠡᠳᠦ ᠰᠤᠷᠭᠠᠭᠤᠯᠢ ᠶᠢᠨ ᠠᠵᠢᠯ | ᠦᠢᠯᠡᠰ ᠤᠨ ᠣᠷᠣᠯᠭ᠎ᠠ ᠠᠴᠠ ᠭᠠᠷᠭᠠᠵᠤ ᠠᠪᠤᠭᠰᠠᠨ ᠵᠢᠴᠢ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠬᠤᠪᠢ ᠬᠥᠮᠦᠨ ᠤ ᠡᠷᠭᠦᠨ ᠲᠤᠰᠠᠯᠠᠭᠰᠠᠨ ᠪᠡᠯᠡ ᠮᠥᠩᠭᠦ 224 ᠳ᠋ᠥᠩᠰᠢᠭᠤᠷ ᠲᠥᠭᠦᠷᠢᠭ | ᠪᠣᠯᠤᠨ᠎ᠠ᠃ | ᠳᠥᠷᠪᠡᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠡᠯᠡᠭᠰᠡᠨ ᠨᠢ᠂ ᠣᠳᠣᠬᠠᠨ ᠳᠤ᠂ | ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠯᠤᠰ ᠤᠨ ᠲᠤᠰᠠᠯᠠᠨ ᠲᠡᠳᠬᠦᠬᠦ ᠲᠦᠷᠦ ᠶᠢᠨ | ᠪᠤᠳᠤᠯᠭ᠎ᠠ ᠶᠡᠷᠦᠩᠬᠡᠶ ᠳᠡᠭᠡᠨ ᠨᠡᠯᠢᠶᠡᠳ ᠪᠦᠷᠢᠨ ᠲᠡᠭᠦᠯᠳᠡᠷ᠂ ᠠᠵᠢᠯᠯᠠᠭᠠᠨ ᠨᠢ ᠰᠠᠶᠢᠨ ᠪᠠᠶᠢᠨ᠎ᠠ᠂ ᠭᠡᠪᠡᠴᠦ | ᠬᠡᠷᠡᠭᠵᠢᠭᠦᠯᠬᠦ ᠳᠤᠮᠳᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠲᠤᠤᠱᠲᠠᠢ ᠪᠢᠰᠢ᠂ ᠲᠦᠷᠦ ᠶᠢᠨ | ᠪᠤᠳᠤᠯᠭ᠎ᠠ ᠶᠢᠨ ᠵᠣᠯᠭᠠᠭᠤᠯᠤᠯᠲᠠ ᠪᠠᠭᠤᠷᠠᠶ᠂ ᠶᠠᠳᠠᠭᠤ ᠬᠦᠴᠢᠷᠳᠡᠯᠲᠡᠶ ᠰᠤᠷᠤᠭᠴᠢ ᠶᠢ ᠮᠠᠭᠠᠳᠯᠠᠨ ᠲᠣᠭᠲᠠᠭᠠᠬᠤ | ᠵᠡᠷᠭᠡ ᠬᠠᠮᠢᠶᠠᠷᠤᠯᠲᠠ ᠶᠢᠨ ᠭᠤᠭᠴᠤᠭ᠎ᠠ ᠨᠢ ᠨᠠᠷᠢᠯᠢᠭ ᠣᠨᠣᠪᠴᠢᠲᠠᠢ ᠪᠣᠰᠤ ᠪᠠᠶᠢᠬᠤ ᠠᠰᠠᠭᠤᠳᠠᠯ ᠮᠥᠨ | ᠣᠷᠣᠰᠢᠭᠰᠠᠭᠠᠷ ᠪᠠᠶᠢᠨ᠎ᠠ ᠭᠡᠵᠡᠢ᠃ | 2016 ᠣᠨ ᠠᠴᠠ ᠨᠠᠰᠢ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠵᠡᠷᠭᠡ | ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠬᠤᠯᠪᠣᠭᠳᠠᠯ ᠪᠦᠬᠦᠢ ᠮᠤᠵᠢ ᠪᠣᠯᠣᠨ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠦᠮᠦᠵᠢᠭᠦᠯᠬᠦ ᠨᠢᠭᠡᠴᠡ ᠳᠤ | ᠣᠯᠠᠨᠲᠠ ᠬᠦᠷᠴᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠢ ᠲᠡᠳᠬᠦᠨ ᠲᠤᠰᠠᠯᠠᠬᠤ | ᠠᠵᠢᠯ ᠤᠨ ᠥᠷᠨᠢᠭᠦᠯᠵᠦ ᠪᠠᠶᠢᠭ᠎ᠠ ᠪᠠᠶᠢᠳᠠᠯ ᠳᠤ ᠪᠦᠬᠦ ᠲᠠᠯ᠎ᠠ ᠪᠠᠷ ᠪᠠᠶᠢᠴᠠᠭᠠᠨ ᠰᠣᠳᠤᠯᠤᠯᠲᠠ ᠬᠢᠵᠦ᠂ ᠠᠰᠠᠭᠤᠳᠠᠯ | ᠪᠣᠯᠣᠨ ᠳᠤᠲᠠᠭᠤᠳᠠᠯ ᠢ ᠨᠢ ᠭᠤᠣᠯᠳᠠᠯᠭ᠎ᠠ ᠲᠠᠢ ᠡᠷᠢᠵᠦ ᠭᠠᠷᠭᠠᠵᠠᠢ᠃ ᠡᠨᠡᠬᠦ ᠰᠠᠭᠤᠷᠢᠨ ᠳᠡᠭᠡᠷ᠎ᠡ ︽ᠮᠡᠳᠡᠭᠳᠡᠯ︾ ᠢ | ᠰᠤᠳᠤᠯᠤᠨ ᠲᠤᠭᠤᠷᠪᠢᠭᠰᠠᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ︽ᠮᠡᠳᠡᠭᠳᠡᠯ︾ ᠳᠤ ᠨᠡᠶᠢᠲᠡ ᠳᠥᠷᠪᠡᠨ ᠶᠡᠭᠡ ᠠᠭᠤᠯᠭ᠎ᠠ᠂ 15 ᠵᠤᠷᠪᠤᠰ | ᠪᠣᠳᠠᠲᠠᠶ ᠠᠷᠭ᠎ᠠ ᠬᠡᠮᠵᠢᠶ᠎ᠡ ᠶᠢ ᠪᠠᠭᠲᠠᠭᠠᠵᠤ᠂ ᠪᠦᠷ ᠣᠳᠣᠬᠠᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠤᠷᠤᠭᠴᠢᠳ ᠢ ᠲᠤᠰᠠᠯᠠᠨ ᠲᠡᠳᠬᠦᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠢᠮ᠎ᠠ ᠠᠰᠠᠭᠤᠳᠠᠯ ᠳᠤ | ᠴᠢᠭᠯᠡᠭᠦᠯᠪᠡ᠃ ᠰᠤᠷᠭᠠᠨ ᠬᠥᠮᠦᠵᠢᠯ ᠤᠨ ᠡᠯ᠎ᠡ ᠱᠠᠲᠤᠨ ᠳᠠᠬᠢ ᠰᠤᠷᠤᠭᠴᠢᠳ ᠢ ᠲᠤᠰᠠᠯᠠᠨ ᠲᠡᠳᠬᠦᠬᠦ ᠳᠦᠷᠦ ᠶᠢᠨ | ᠪᠤᠳᠤᠯᠭ᠎ᠠ ᠶᠢᠨ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠦᠯᠦᠭᠡ᠂ ᠰᠤᠷᠭᠠᠨ | ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ 2017 ᠣᠨ ᠢ ︽ᠰᠤᠷᠤᠭᠴᠢᠳ ᠢ ᠲᠡᠳᠬᠦᠨ | ᠲᠤᠰᠠᠯᠠᠬᠤ ᠶᠢ ᠵᠢᠷᠤᠮᠵᠢᠭᠤᠯᠤᠨ ᠬᠠᠮᠢᠶᠠᠷᠬᠤ ᠣᠨ︾ ᠢᠶᠠᠷ ᠲᠤᠭᠲᠠᠭᠠᠵᠤ᠂ ᠠᠯᠢ ᠤᠯᠠᠨ ᠠᠷᠭ᠎ᠠ ᠬᠡᠮᠵᠢᠶ᠎ᠡ ᠠᠪᠴᠤ᠂ | ᠰᠤᠷᠤᠭᠴᠢᠳ ᠢ ᠲᠤᠰᠠᠯᠠᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠦᠴᠦᠲᠡᠶ | ᠠᠳᠬᠤᠬᠤ ᠪᠠᠷ ᠪᠠᠶᠢᠨ᠎ᠠ᠃ | ︽ᠳᠦᠷᠪᠡ ᠶᠢ ᠪᠦᠷᠢᠨ ᠪᠦᠷᠬᠦᠭᠦᠯᠵᠦ︾ ᠲᠦᠷᠦ ᠶᠢᠨ ᠪᠤᠳᠤᠯᠭ᠎ᠠ ᠶᠢ ᠵᠠᠪᠰᠠᠷ ᠵᠠᠢ ᠦᠭᠡᠢ | ᠵᠤᠯᠭᠠᠭᠤᠯᠬᠤ ᠪᠠᠷ ᠴᠢᠷᠮᠠᠶᠢᠨ᠎ᠠ | ᠳᠥᠷᠪᠡᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ | ᠠᠳᠠᠯᠢ ᠪᠤᠰᠤ ᠰᠤᠷᠭᠠᠨ ᠬᠦᠮᠦᠵᠢᠯ ᠤᠨ ᠱᠠᠲᠤ᠂ ᠠᠳᠠᠯᠢ ᠪᠤᠰᠤ ᠪᠦᠯᠦᠭᠯᠡᠯ᠂ ᠠᠳᠠᠯᠢ ᠪᠤᠰᠤ ᠭᠠᠵᠠᠷ ᠣᠷᠣᠨ ᠤ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠢ ᠲᠤᠰᠠᠯᠠᠨ ᠲᠡᠳᠬᠦᠬᠦ ᠳᠦᠷᠦ ᠶᠢᠨ ᠪᠤᠳᠤᠯᠭ᠎ᠠ ᠶᠢᠨ | ᠵᠤᠯᠭᠠᠭᠤᠯᠬᠤ ᠠᠰᠠᠭᠤᠳᠠᠯ ᠢ ᠪᠤᠳᠤᠯᠬᠢᠯᠠᠵᠤ᠂ ︽ᠳᠦᠷᠪᠡ ᠶᠢ ᠪᠦᠷᠢᠨ ᠪᠥᠷᠬᠦᠭᠦᠯᠬᠦ︾ ᠶᠢ ᠴᠢᠷᠮᠠᠶᠢᠨ ᠪᠡᠶᠡᠯᠡᠭᠦᠯᠵᠦ᠂ | ᠲᠤᠰᠠᠯᠠᠨ ᠲᠡᠳᠬᠦᠬᠦ ᠳᠦᠷᠦ ᠶᠢᠨ ᠪᠤᠳᠤᠯᠭ᠎ᠠ ᠶᠢ ᠡᠯ᠎ᠡ ᠱᠠᠲᠤᠨ ᠤ ᠡᠯ᠎ᠡ ᠲᠦᠷᠦᠯ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠱᠠᠲᠤᠨ ᠳᠠᠬᠢ ᠰᠤᠷᠤᠭᠴᠢᠳ ᠲᠤ ᠪᠦᠷᠢᠨ ᠪᠦᠷᠬᠦᠭᠦᠯᠬᠦ ᠶᠢ ᠦᠨᠡᠨ ᠬᠦ ᠪᠠᠲᠤᠯᠠᠨ᠎ᠠ᠃ | ᠨᠢᠭᠡ ᠳᠤ ᠬᠦᠮᠦᠵᠢᠭᠦᠯᠬᠦ ᠨᠢᠭᠡᠴᠡ ᠶᠢ ᠪᠦᠷᠢᠨ ᠪᠦᠷᠬᠦᠭᠦᠯᠦᠨ᠎ᠡ᠃ ᠲᠤᠰᠠᠯᠠᠨ ᠲᠡᠳᠬᠦᠬᠦ ᠲᠦᠷᠦ ᠶᠢᠨ | ᠪᠤᠳᠤᠯᠭ᠎ᠠ ᠪᠠᠷ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠭᠠᠵᠠᠷ᠂ ᠨᠠᠮ ᠤᠨ ᠰᠤᠷᠭᠠᠭᠤᠯᠢ | ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠢᠭᠲᠠᠯᠠᠨ ᠪᠤᠳᠤᠯᠲᠠ ᠶᠢᠨ ᠳᠡᠭᠡᠳᠦ ᠰᠤᠷᠭᠠᠭᠤᠯᠢ ᠵᠡᠷᠭᠡ ᠡᠯ᠎ᠡ | ᠲᠥᠷᠥᠯ ᠤᠨ ᠬᠦᠮᠦᠵᠢᠭᠦᠯᠬᠦ ᠨᠢᠭᠡᠴᠡ ᠶᠢᠨ ᠰᠤᠷᠤᠭᠴᠢ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ ᠨᠢᠭᠡ ᠶᠢ | ᠴᠦ ᠤᠷᠬᠢᠭᠳᠠᠭᠤᠯᠬᠤ ᠦᠭᠡᠢ ᠪᠠᠶᠢᠯᠭᠠᠨ᠎ᠠ᠃ 2017 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ | ᠡᠬᠢᠯᠡᠨ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ | ᠪᠦᠷᠬᠦᠯᠲᠡ ᠶᠢᠨ ᠬᠡᠪᠴᠢᠶ᠎ᠡ ᠶᠢ ᠳᠡᠭᠡᠳᠦ ᠰᠤᠷᠭᠠᠭᠤᠯᠢ ᠠᠴᠠ ᠰᠢᠨᠵᠢᠯᠡᠬᠦ ᠤᠬᠠᠭᠠᠨ ᠤ ᠬᠦᠷᠢᠶᠡᠯᠡᠩ ᠭᠠᠵᠠᠷ ᠵᠡᠷᠭᠡ | ᠡᠯ᠎ᠡ ᠲᠦᠷᠦᠯ ᠤᠨ ᠬᠦᠮᠦᠵᠢᠭᠦᠯᠬᠦ ᠨᠢᠭᠡᠴᠡ ᠳᠤ ᠬᠦᠷᠲᠡᠯ᠎ᠡ ᠦᠷᠭᠡᠳᠬᠡᠨ᠎ᠡ᠃ | ᠬᠤᠶᠠᠷ ᠲᠤ ᠰᠤᠷᠭᠠᠨ ᠬᠥᠮᠦᠵᠢᠯ ᠤᠨ ᠳᠡᠰ ᠳᠠᠪᠬᠤᠷᠭ᠎ᠠ ᠶᠢ ᠪᠦᠷᠢᠨ ᠪᠦᠷᠬᠦᠭᠦᠯᠦᠨ᠎ᠡ᠃ ᠪᠦᠬᠦᠯᠢ ᠡᠳᠦᠷ ᠤᠨ | ᠳᠦᠷᠢᠮᠲᠦ ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠬᠢ ᠶᠢᠨ ᠰᠤᠷᠦᠬᠴᠢ᠂ ᠠᠰᠫᠢᠷᠠᠨᠲ᠂ ᠪᠡᠯᠡᠳᠬᠡᠯ | ᠠᠩᠬᠢ ᠶᠢᠨ ᠰᠤᠷᠤᠭᠴᠢ ᠵᠡᠷᠭᠡ ᠡᠯ᠎ᠡ ᠱᠠᠲᠤᠨ ᠳᠠᠬᠢ ᠰᠤᠷᠤᠭᠴᠢᠳ ᠲᠤ ᠪᠦᠷᠢᠨ ᠪᠦᠷᠬᠦᠭᠦᠯᠵᠦ᠂ ᠪᠦᠷ | ᠬᠠᠷᠢᠴᠠᠩᠭᠤᠢ ᠪᠦᠬᠦᠢ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ | ᠮᠦᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠡᠷᠭᠡ ᠲᠦᠷᠦ ᠶᠢᠨ ᠪᠤᠳᠤᠯᠭ᠎ᠠ ᠶᠢ ᠴᠦᠮ | ᠲᠤᠭᠲᠠᠭᠠᠯ ᠶᠤᠰᠤᠭᠠᠷ ᠬᠦᠷᠲᠡᠭᠡᠨ᠎ᠡ᠃ | ᠭᠤᠷᠪᠠ ᠳᠤ ᠠᠯᠪᠠᠨ ᠠᠴᠠ ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠦᠷᠢᠨ | ᠪᠦᠷᠬᠦᠭᠦᠯᠦᠨ᠎ᠡ᠃ ᠠᠷᠠᠳ ᠠᠴᠠ ᠡᠷᠭᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠪᠠ ᠠᠯᠪᠠᠨ ᠠᠴᠠ | ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠲᠤ ᠤᠯᠤᠰ ᠤᠨ ᠲᠡᠳᠬᠦᠮᠵᠢ ᠶᠢᠨ ᠳᠦᠷᠦ ᠶᠢᠨ | ᠪᠤᠳᠤᠯᠭ᠎ᠠ ᠶᠢ ᠲᠣᠭᠲᠠᠭᠠᠯ ᠶᠣᠰᠣᠭᠠᠷ ᠠᠳᠠᠯᠢ ᠲᠡᠭᠰᠢ ᠪᠠᠷ ᠬᠦᠷᠲᠡᠭᠡᠬᠦ ᠪᠠᠷ ᠳᠠᠬᠢᠨ ᠭᠤᠶᠤᠴᠢᠯᠠᠨ᠎ᠠ᠃ | ᠲᠦᠷᠪᠡ ᠳᠤ ᠪᠤᠢ ᠪᠦᠬᠦᠢ ᠣᠷᠣᠨ ᠪᠦᠰᠡ ᠳᠤ ᠪᠦᠷᠢᠨ ᠪᠦᠷᠬᠦᠭᠦᠯᠦᠨ᠎ᠡ᠃ ᠪᠤᠢ ᠪᠦᠬᠦᠢ ᠮᠤᠵᠢ ᠳᠤ 2017 | ᠤᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠤᠨ ᠦᠨᠳᠦᠰᠦᠨ ᠱᠠᠲᠤᠨ ᠳᠤ ᠬᠦᠷᠴᠦ ᠠᠵᠢᠯ ᠤᠯᠬᠤ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ | ᠵᠢᠭᠡᠯᠡᠯᠭᠡ ᠶᠢ ᠣᠷᠣᠯᠠᠨ ᠳᠥᠯᠥᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠨᠦᠭᠦᠴᠡᠯ ᠳᠤ ᠨᠡᠶᠢᠴᠡᠬᠦ ᠣᠷᠣᠨ | ᠪᠦᠰᠡ ᠠᠯᠤᠰᠯᠠᠭᠰᠠᠨ ᠠᠵᠢᠯ ᠤᠯᠤᠭᠰᠠᠨ ᠰᠤᠷᠤᠬᠴᠢ ᠳᠤ ︽ᠬᠡᠨ ᠬᠡᠷᠡᠭᠯᠡᠪᠡᠯ ᠬᠡᠨ ᠲᠤᠰᠠᠯᠠᠬᠤ︾ ᠵᠠᠷᠴᠢᠮ | ᠶᠣᠰᠣᠭᠠᠷ᠂ ᠠᠵᠢᠯᠯᠠᠵᠤ ᠪᠠᠶᠢᠭ᠎ᠠ ᠭᠠᠵᠠᠷ ᠣᠷᠣᠨ ᠨᠢ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠵᠢᠭᠡᠯᠡᠯᠭᠡ ᠶᠢ | ᠣᠷᠣᠯᠠᠨ ᠲᠦᠯᠦᠬᠦ ᠶᠢ ᠱᠠᠭᠠᠷᠳᠠᠨ᠎ᠠ᠃ | ︽ᠳᠥᠷᠪᠡᠨ ᠲᠠᠯ᠎ᠠ ᠪᠠᠷ ᠨᠠᠷᠢᠯᠢᠭ ᠣᠨᠣᠪᠴᠢᠲᠠᠢ ᠪᠠᠶᠢᠯᠭᠠᠵᠤ︾ ᠬᠠᠷᠠᠯᠲᠠ ᠲᠠᠢ ᠪᠠᠷ ᠰᠤᠮᠤ ᠬᠠᠷᠪᠤᠬᠤ ᠶᠢ | ᠴᠢᠬᠤᠯᠠᠴᠢᠯᠠᠨ᠎ᠠ | ᠪᠡᠯᠡ ᠮᠥᠩᠭᠦ ᠪᠠᠷ ᠲᠤᠰᠠᠯᠠᠬᠤ ᠨᠠᠷᠢᠯᠢᠭ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ | ᠳᠥᠷᠪᠡᠨ ᠰᠠᠯᠠᠭ᠎ᠠ ᠮᠥᠴᠢᠷ ︽ᠳᠥᠷᠪᠡᠨ ᠨᠠᠷᠢᠯᠢᠭ ᠣᠨᠣᠪᠴᠢᠲᠠᠢ ᠪᠠᠶᠢᠬᠤ︾ ᠶᠢ ᠳᠤᠷᠠᠳᠤᠨ ᠭᠠᠷᠭᠠᠵᠤ᠂ | ᠰᠤᠷᠤᠯᠭ᠎ᠠ ᠲᠡᠳᠬᠦᠬᠦ ᠲᠦᠷᠦ ᠶᠢᠨ ᠪᠤᠳᠤᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠵᠣᠭᠤᠰ ᠢ ᠬᠠᠮᠤᠭ ᠤᠨ | ᠬᠡᠷᠡᠭᠴᠡᠭᠡᠲᠡᠢ ᠪᠠᠶᠢᠭ᠎ᠠ ᠰᠤᠷᠤᠭᠴᠢᠳ ᠲᠤ ᠬᠡᠷᠡᠭᠯᠡᠬᠦ ᠶᠢ ᠴᠢᠬᠤᠯᠠᠴᠢᠯᠠᠪᠠ᠃ | ᠨᠢᠭᠡ ᠳᠤ ᠲᠤᠰᠠᠯᠠᠬᠤ ᠡᠲᠡᠭᠡᠳ ᠢ ᠨᠠᠷᠢᠯᠢᠭ ᠣᠨᠣᠪᠴᠢᠲᠠᠢ ᠪᠠᠶᠢᠯᠭᠠᠬᠤ ᠬᠡᠷᠡᠭᠲᠡᠢ᠃ ᠭᠡᠷ ᠪᠦᠯᠢ ᠶᠢᠨ ᠠᠵᠤ | ᠠᠮᠢᠳᠤᠷᠠᠯ ᠨᠢ ᠬᠦᠴᠢᠷᠲᠡᠢ ᠰᠤᠷᠤᠭᠴᠢ ᠶᠢ ᠦᠨᠡᠮᠰᠢᠨ ᠲᠣᠭᠲᠠᠭᠠᠬᠤ ᠠᠵᠢᠯ ᠢ ᠴᠢᠩᠭᠠᠳᠬᠠᠵᠤ᠂ ᠮᠤᠵᠢ ᠶᠢᠨ | ᠱᠠᠲᠤᠨ ᠤ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ | ᠦᠨᠡᠮᠰᠢᠨ ᠲᠣᠭᠲᠠᠭᠠᠬᠤ ᠵᠢᠯᠤᠭᠤᠳᠤᠯᠭ᠎ᠠ ᠶᠢᠨ ᠪᠠᠷᠢᠮᠵᠢᠶ᠎ᠠ ᠶᠢ ᠲᠣᠭᠲᠠᠭᠠᠵᠤ᠂ ᠶᠡᠭᠡ ᠳᠡᠭᠡᠳᠦ ᠰᠤᠷᠭᠠᠭᠤᠯᠢ ᠵᠡᠷᠭᠡ | ᠬᠥᠮᠦᠵᠢᠭᠦᠯᠬᠦ ᠨᠢᠭᠡᠴᠡ ᠨᠢ ᠪᠣᠳᠠᠲᠠᠶ ᠦᠨᠡᠮᠰᠢᠨ ᠲᠣᠭᠲᠠᠭᠠᠬᠤ ᠪᠠᠷᠢᠮᠵᠢᠶ᠎ᠠ ᠪᠣᠯᠤᠨ ᠲᠡᠳᠬᠦᠨ ᠲᠤᠰᠠᠯᠠᠬᠤ ᠳᠡᠰ ᠢ | ᠲᠣᠭᠲᠠᠭᠠᠬᠤ ︵ᠵᠠᠰᠠᠪᠤᠷᠢ ᠣᠷᠣᠭᠤᠯᠬᠤ︶ ᠬᠡᠷᠡᠭᠲᠡᠢ᠃ | ᠬᠤᠶᠠᠷ ᠲᠤ ᠬᠦᠴᠦᠯᠡᠴᠡ ᠪᠠᠨ ᠨᠠᠷᠢᠯᠢᠭ ᠣᠨᠣᠪᠴᠢᠲᠠᠢ ᠪᠠᠶᠢᠯᠭᠠᠬᠤ ᠬᠡᠷᠡᠭᠲᠡᠢ᠃ ᠳᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠵᠡᠷᠭᠡ ᠭᠡᠷ ᠪᠦᠯᠢ ᠶᠢᠨ ᠠᠵᠤ ᠠᠮᠢᠳᠤᠷᠠᠯ ᠨᠢ ᠣᠨᠴᠠ ᠬᠦᠴᠢᠷᠲᠡᠢ ᠰᠤᠷᠤᠭᠴᠢ ᠶᠢ | ᠭᠤᠣᠯᠳᠠᠯᠭ᠎ᠠ ᠲᠠᠢ ᠲᠡᠳᠬᠦᠬᠦ ᠡᠲᠡᠭᠡᠳ ᠪᠣᠯᠭᠠᠵᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ | ᠬᠠᠮᠢᠶ᠎ᠠ ᠪᠦᠬᠦᠢ ᠲᠤᠰᠠᠯᠠᠨ ᠲᠡᠳᠬᠦᠬᠦ ᠲᠦᠷᠦ ᠶᠢᠨ ᠪᠤᠳᠤᠯᠭ᠎ᠠ ᠶᠢ ᠵᠠᠷᠴᠢᠮ ᠳᠡᠭᠡᠷ᠎ᠡ ᠪᠠᠨ ᠬᠠᠮᠤᠭ ᠤᠨ ᠥᠨᠳᠥᠷ ᠲᠡᠰ | ᠪᠤᠶᠤ ᠪᠠᠷᠢᠮᠵᠢᠶ᠎ᠠ ᠪᠠᠷ ᠵᠣᠬᠢᠴᠠᠩᠭᠤᠶ ᠵᠣᠭᠤᠰ ᠮᠥᠩᠭᠦᠨ ᠤ ᠲᠤᠰᠠᠯᠠᠮᠵᠢ ᠣᠯᠭᠤᠵᠤ ᠂ ᠰᠤᠷᠭᠠᠭᠤᠯᠢ ᠳᠤ | ᠤᠷᠤᠭᠰᠢᠲᠠᠶ ᠪᠠᠷ ᠰᠤᠷᠤᠯᠴᠠᠬᠤ ᠶᠢ ᠨᠢ ᠦᠨᠡᠨ ᠬᠦ ᠪᠠᠲᠤᠯᠠᠬᠤ ᠬᠡᠷᠡᠭᠲᠡᠢ᠃ | ᠭᠤᠷᠪᠠ ᠳᠤ ᠬᠤᠪᠢᠶᠠᠷᠢᠯᠠᠯᠲᠠ ᠶᠢ ᠨᠠᠷᠢᠯᠢᠭ ᠣᠨᠣᠪᠴᠢᠲᠠᠢ ᠪᠠᠶᠢᠯᠭᠠᠬᠤ ᠬᠡᠷᠡᠭᠲᠡᠶ᠃ ᠲᠤᠰᠠᠯᠠᠬᠤ ᠬᠥᠮᠥᠨ ᠤ | ᠲᠤᠭ᠎ᠠ ᠪᠠ ᠪᠡᠯᠡ ᠮᠥᠩᠭᠦ ᠶᠢ ᠬᠤᠪᠢᠶᠠᠷᠢᠯᠠᠬᠤ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠲᠡᠨ ᠤ ᠶᠡᠭᠡ | ᠳᠡᠭᠡᠳᠦ ᠰᠤᠷᠭᠠᠭᠤᠯᠢ ᠵᠢᠴᠢ ᠲᠠᠷᠢᠶᠠᠯᠠᠩ ᠤᠢ ᠰᠢᠭᠤᠶ ᠤᠰᠤ ᠭᠠᠵᠠᠷ ᠰᠢᠨᠵᠢᠯᠡᠭᠡ ᠠᠭᠤᠷᠬᠠᠶ ᠴᠢᠯᠠᠭᠤᠨ ᠲᠣᠰᠣ | ᠴᠥᠮ᠎ᠡ ᠵᠡᠷᠭᠡ ᠰᠢᠨᠵᠢᠯᠡᠭᠡᠨ ᠤ ᠲᠤᠰᠬᠠᠶ ᠮᠡᠷᠭᠡᠵᠢᠯ ᠢᠶᠠᠷ ᠭᠤᠣᠯ ᠪᠣᠯᠭᠠᠵᠤ᠂ ᠭᠡᠷ ᠪᠦᠯᠢ ᠶᠢᠨ ᠠᠵᠤ ᠠᠮᠢᠳᠤᠷᠠᠯ ᠨᠢ | ᠬᠦᠴᠢᠷᠲᠡᠢ ᠰᠤᠷᠤᠭᠴᠢᠳ ᠨᠡᠯᠢᠶᠡᠳ ᠤᠯᠠᠨ ᠪᠠᠶᠢᠬᠤ ᠶᠡᠭᠡ ᠳᠡᠭᠡᠳᠦ ᠰᠤᠷᠭᠠᠭᠤᠯᠢ ᠵᠡᠷᠭᠡ ᠬᠥᠮᠦᠵᠢᠭᠦᠯᠬᠦ ᠨᠢᠭᠡᠴᠡ | ᠲᠡᠰᠢ ᠬᠡᠯᠪᠠᠶᠢᠬᠦ ᠬᠡᠷᠡᠭᠲᠡᠶ ᠪᠥᠭᠡᠳ ᠠᠳᠠᠯᠢ ᠪᠤᠰᠤ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠂ ᠬᠥᠮᠦᠵᠢᠭᠦᠯᠬᠦ | ᠳᠡᠰ ᠳᠠᠪᠬᠤᠷᠭ᠎ᠠ᠂ ᠰᠤᠷᠤᠭᠴᠢᠳ ᠤᠨ ᠠᠵᠤ ᠠᠬᠤᠶ ᠶᠢᠨ ᠬᠦᠴᠢᠷᠳᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ | ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠢ᠃ | ᠲᠦᠷᠪᠡ ᠳᠤ ᠤᠯᠭᠤᠯᠲᠠ ᠶᠢ ᠨᠠᠷᠢᠯᠢᠭ ᠣᠨᠣᠪᠴᠢᠲᠠᠢ ᠪᠠᠶᠢᠯᠭᠠᠬᠤ ᠬᠡᠷᠡᠭᠲᠡᠶ᠃ ᠲᠣᠭᠲᠠᠭᠰᠠᠨ ᠳᠡᠰ | ᠳᠠᠷᠠᠭᠠᠯᠠᠯ᠂ ᠲᠣᠭᠲᠠᠭᠰᠠᠨ ᠴᠠᠭ ᠪᠠ ᠲᠡᠳᠬᠦᠬᠦ ᠪᠠᠷᠢᠮᠵᠢᠶ᠎ᠠ ᠵᠡᠷᠭᠡ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ | ᠤᠯᠤᠰ ᠤᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ ᠶᠢ ᠬᠢᠨᠠᠨ ᠣᠯᠭᠤᠬᠤ ᠠᠵᠢᠯ ᠢ ᠬᠢᠨᠠᠮᠠᠭᠠᠶ | ᠥᠷᠨᠢᠭᠦᠯᠵᠦ᠂ ᠡᠯ᠎ᠡ ᠲᠥᠷᠥᠯ ᠤᠨ ᠲᠡᠳᠬᠦᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ | ᠦᠨᠡᠨ ᠬᠦ ᠪᠠᠲᠤᠯᠠᠬᠤ ᠬᠡᠷᠡᠭᠲᠡᠶ᠃ | ︽ᠭᠤᠷᠪᠠ ᠶᠢ ᠤᠶᠠᠯᠳᠤᠭᠤᠯᠵᠤ︾ ᠪᠡᠯᠡ ᠮᠥᠩᠭᠦ ᠪᠠᠷ ᠲᠤᠰᠠᠯᠠᠨ ᠬᠥᠮᠥᠵᠢᠭᠦᠯᠦᠨ᠎ᠡ | ᠡᠨᠡ ᠤᠳᠠᠭ᠎ᠠ ᠳᠥᠷᠪᠡᠨ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠭᠰᠡᠨ ᠤ ᠨᠢᠭᠡᠨ | ᠲᠣᠳᠣᠷᠬᠠᠶ ᠳᠤᠬᠢᠶ᠎ᠠ ᠨᠢ ᠭᠡᠪᠡᠯ ᠶᠣᠰᠣ ᠰᠤᠷᠲᠠᠬᠤᠨ ᠢᠶᠠᠷ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ | ᠲᠣᠭᠤᠷᠢᠨ ᠳᠤ᠂ ᠪᠡᠯᠡ ᠮᠥᠩᠭᠦ ᠪᠠᠷ ᠲᠤᠰᠠᠯᠠᠬᠤ ᠠᠵᠢᠯ ᠨᠢ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ | ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠲᠤᠰᠠᠯᠠᠮᠵᠢ ᠭᠥᠷᠳᠡᠭᠰᠡᠨ ᠰᠤᠷᠤᠭᠴᠢᠳ ᠤᠨ ᠦᠰᠦᠨ ᠪᠤᠶᠢᠵᠢᠵᠤ | ᠴᠢᠳᠠᠪᠤᠷᠢᠲᠠᠨ ᠪᠣᠯᠬᠤ ᠶᠢ ᠨᠢ ᠠᠬᠢᠭᠤᠯᠬᠤ ᠶᠢ ᠴᠢᠬᠤᠯᠠᠴᠢᠯᠠᠵᠠᠢ᠃ | ᠨᠢᠭᠡ ᠳᠤ ᠴᠢᠩᠭ᠎ᠠ ᠰᠢᠯᠭᠠᠨ ᠲᠣᠭᠲᠠᠭᠠᠯᠲᠠ ᠪᠠ ᠬᠥᠮᠦᠯᠢᠭ ᠬᠠᠯᠠᠮᠵᠢᠯᠠᠯ ᠢ ᠤᠶᠠᠯᠳᠤᠭᠤᠯᠬᠤ ᠬᠡᠷᠡᠭᠲᠡᠶ᠃ ᠭᠡᠷ | ᠪᠦᠯᠢ ᠶᠢᠨ ᠠᠵᠤ ᠠᠮᠢᠳᠤᠷᠠᠯ ᠨᠢ ᠬᠦᠴᠢᠷᠲᠡᠢ ᠰᠤᠷᠤᠭᠴᠢ ᠶᠢ ᠰᠢᠯᠭᠠᠨ ᠲᠣᠭᠲᠠᠭᠠᠬᠤ ᠳᠠᠭᠠᠨ᠂ ᠰᠢᠨᠵᠢᠯᠡᠬᠦ | ᠤᠬᠠᠭᠠᠨᠴᠢ ᠵᠦᠢ ᠵᠣᠬᠢᠰᠲᠠᠶ᠂ ᠨᠡᠩ ᠬᠥᠮᠦᠯᠢᠭ ᠠᠷᠭ᠎ᠠ ᠬᠡᠯᠪᠡᠷᠢ ᠶᠢ ᠠᠪᠴᠤ᠂ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠭᠡᠷ ᠪᠦᠯᠢ ᠶᠢᠨ ᠠᠵᠤ ᠠᠮᠢᠳᠤᠷᠠᠯ ᠤᠨ ᠬᠦᠴᠢᠷᠲᠡᠢ ᠪᠠᠶᠢᠳᠠᠯ ᠢᠶᠠᠨ ᠦᠨᠡᠨ ᠮᠥᠨ ᠢᠶᠠᠷ ᠨᠢ | ᠲᠤᠰᠬᠠᠯᠭᠠᠬᠤ ᠬᠡᠷᠡᠭᠲᠡᠢ᠃ | ᠬᠤᠶᠠᠷ ᠲᠤ ᠮᠡᠳᠡᠭᠡ ᠵᠠᠩᠭᠢ ᠶᠢ ᠢᠯᠡ ᠪᠣᠯᠭᠠᠬᠤ ᠪᠠ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠶᠢ | ᠤᠶᠠᠯᠳᠤᠭᠤᠯᠬᠤ ᠬᠡᠷᠡᠭᠲᠡᠶ᠃ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠲᠡᠢ ᠰᠤᠷᠤᠭᠴᠢ ᠶᠢᠨ ᠲᠤᠰᠠᠯᠠᠮᠵᠢ | ᠭᠥᠷᠳᠡᠭᠰᠡᠨ ᠪᠠᠶᠢᠳᠠᠯ ᠵᠡᠷᠭᠡ ᠠᠭᠤᠯᠭ᠎ᠠ ᠶᠢ ᠵᠠᠷᠯᠠᠨ ᠨᠡᠶᠢᠲᠡᠯᠡᠬᠦ ᠳᠡᠭᠡᠨ᠂ ᠰᠤᠷᠤᠭᠴᠢᠳ ᠤᠨ ᠬᠤᠪᠢ ᠬᠥᠮᠦᠨ ᠤ | ᠨᠢᠭᠤᠴᠠ ᠳᠤ ᠬᠤᠯᠪᠣᠭᠳᠠᠭᠤᠯᠬᠤ ᠦᠭᠡᠢ ᠪᠠᠶᠢᠪᠠᠯ ᠵᠣᠬᠢᠨ᠎ᠠ︔ ᠰᠤᠷᠤᠭᠴᠢᠳ ᠢ ᠤᠷᠮᠠᠰᠢᠭᠤᠯᠤᠨ ᠵᠣᠷᠢᠭᠵᠢᠭᠤᠯᠬᠤ | ᠨᠡᠶᠢᠲᠡᠯᠢᠭ ᠵᠢᠱᠢᠶ᠎ᠡ ᠶᠢ ᠤᠬᠠᠭᠤᠯᠬᠤ ᠳᠠᠭᠠᠨ᠂ ᠲᠤᠰᠠᠯᠠᠮᠵᠢ ᠭᠥᠷᠳᠡᠭᠰᠡᠨ ᠰᠤᠷᠤᠭᠴᠢ ᠳᠤ ᠬᠤᠯᠪᠣᠭᠳᠠᠬᠤ ᠬᠠᠮᠢᠶ᠎ᠠ | ᠪᠦᠬᠦᠢ ᠵᠦᠢᠯᠡᠰ ᠲᠤ ᠰᠤᠷᠤᠭᠴᠢ ᠶᠢᠨ ᠲᠤᠰ ᠬᠥᠮᠦᠨ ᠤ ᠬᠢᠨᠢ ᠵᠥᠪᠰᠢᠶᠡᠷᠡᠯ ᠢ ᠣᠯᠬᠤ ᠬᠡᠷᠡᠭᠲᠡᠶ᠃ | ᠭᠤᠷᠪᠠ ᠳᠤ ᠰᠤᠷᠤᠯᠭ᠎ᠠ ᠶᠢ ᠨᠢ ᠪᠠᠲᠤᠯᠠᠬᠤ ᠪᠠ ᠴᠢᠳᠠᠪᠤᠷᠢᠲᠠᠨ ᠪᠣᠯᠬᠤ ᠶᠢ ᠨᠢ ᠠᠬᠢᠭᠤᠯᠬᠤ ᠶᠢ | ᠤᠶᠠᠯᠳᠤᠭᠤᠯᠬᠤ ᠬᠡᠷᠡᠭᠲᠡᠶ᠃ ᠲᠤᠰᠠᠯᠠᠮᠵᠢ ᠭᠥᠷᠳᠡᠭᠰᠡᠨ ᠰᠤᠷᠤᠭᠴᠢ ᠶᠢ ᠬᠠᠪᠰᠤᠷᠴᠤ ᠪᠠᠶᠢᠭᠠᠳ ᠬᠦᠴᠢᠷᠳᠡᠯ ᠳᠤ | ᠵᠥᠪ ᠢᠶᠠᠷ ᠬᠠᠨᠳᠤᠭᠤᠯᠤᠨ᠂ ᠤᠷᠮᠠᠰᠢᠭᠤᠯᠤᠨ ᠵᠣᠷᠢᠭᠵᠢᠭᠤᠯᠬᠤ ᠬᠥᠮᠦᠵᠢᠯ ᠢ ᠴᠢᠩᠭᠠᠳᠬᠠᠵᠤ᠂ ᠲᠡᠳᠡᠨ ᠢ | ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠵᠦ᠂ ᠲᠤᠰᠠᠯᠠᠮᠵᠢ ᠭᠥᠷᠳᠡᠭᠰᠡᠨ ᠰᠤᠷᠤᠭᠴᠢᠳ ᠲᠤ ᠬᠥᠮᠦᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ | ᠰᠠᠴᠤᠷᠠᠭᠤᠯᠬᠤ ᠠᠵᠠ ᠲᠣᠬᠢᠶᠠᠯ ᠢ ᠠᠳᠠᠯᠢᠬᠠᠨ ᠢᠶᠠᠷ ᠬᠦᠷᠲᠡᠭᠡᠬᠦ ᠬᠡᠷᠡᠭᠲᠡᠢ᠃ |