ᠦᠪᠡᠷᠳᠡᠭᠡᠨ ᠵᠠᠰᠠᠬᠤ ᠤᠷᠤᠨ ᠤ 5 · 17᠎ ᠤ ᠨᠠᠵᠢ ᠲᠦᠢᠮᠠᠷ ᠤᠨ ᠳᠠᠯᠠᠪᠠᠢ ᠳᠠᠬᠢ ᠶᠡᠷᠦᠩᠬᠡᠢ ᠵᠢᠯᠤᠭᠤᠳᠬᠤ ᠭᠠᠵᠠᠷ ᠬᠢᠬᠡᠳ ᠤᠯᠤᠰ ᠤᠨ ᠤᠢ ᠰᠢᠭᠤᠢ ᠶᠢᠨ ᠲᠦᠢᠮᠡᠷ ᠰᠡᠷᠭᠡᠶᠢᠯᠡᠬᠦ ᠶᠢ ᠵᠢᠯᠤᠭᠤᠳᠬᠤ ᠭᠠᠵᠠᠷ ᠤᠨ ᠲᠦᠢᠮᠡᠷ ᠤᠨ ᠳᠠᠯᠠᠪᠠᠢ ᠳᠤ ᠳᠣᠮᠢᠯᠠᠭᠰᠠᠨ ᠠᠵᠢᠯᠯᠠᠬᠤ ᠳᠤᠭᠤᠶᠢᠯᠠᠩ ᠠᠭᠤᠯᠵᠠᠨ ᠵᠦᠪᠳᠡᠯᠴᠡᠪᠡ ᠪᠦ᠋ ᠰᠢᠶᠤᠤ ᠯᠢᠨ ᠤᠷᠤᠯᠴᠠᠵᠠᠢ
ᠨᠡᠶᠢᠲᠡᠯᠡᠭᠰᠡᠨ ᠴᠠᠭ᠄
2017/5/22
     5 ᠳ᠋ᠤᠭᠠᠷ ᠰᠠᠷ᠎ᠠ ᠶᠢᠨ 19᠎ ᠤ ᠡᠳᠤᠷ᠂ ᠦᠪᠡᠷᠳᠡᠭᠡᠨ ᠵᠠᠰᠠᠬᠤ ᠤᠷᠤᠨ ᠤ 5 · 17᠎ ᠤ ᠨᠠᠵᠢ ᠲᠦᠢᠮᠠᠷ ᠤᠨ ᠳᠠᠯᠠᠪᠠᠢ ᠳᠠᠬᠢ ᠶᠡᠷᠦᠩᠬᠡᠢ ᠵᠢᠯᠤᠭᠤᠳᠬᠤ ᠭᠠᠵᠠᠷ ᠬᠢᠬᠡᠳ ᠤᠯᠤᠰ ᠤᠨ ᠤᠢ ᠰᠢᠭᠤᠢ ᠶᠢᠨ ᠲᠦᠢᠮᠡᠷ ᠰᠡᠷᠭᠡᠶᠢᠯᠡᠬᠦ ᠶᠢ ᠵᠢᠯᠤᠭᠤᠳᠬᠤ ᠭᠠᠵᠠᠷ ᠤᠨ ᠲᠦᠢᠮᠡᠷ ᠤᠨ ᠳᠠᠯᠠᠪᠠᠢ ᠳᠤ ᠳᠣᠮᠢᠯᠠᠭᠰᠠᠨ ᠠᠵᠢᠯᠯᠠᠬᠤ ᠳᠤᠭᠤᠶᠢᠯᠠᠩ ᠬᠦᠯᠦᠨ ᠪᠤᠶᠢᠷ ᠬᠤᠳᠠ ᠳᠤ ᠲᠦᠢᠮᠡᠷ ᠤᠨ ᠪᠠᠶᠢᠳᠠᠯ ᠤᠨ ᠳᠣᠬᠠᠢ ᠠᠭᠤᠯᠵᠠᠨ ᠵᠦᠪᠳᠡᠯᠴᠡᠪᠡ᠃      ᠦᠪᠡᠷᠳᠡᠭᠡᠨ ᠵᠠᠰᠠᠬᠤ ᠤᠷᠤᠨ ᠤ 5 · 17᠎ ᠤ ᠨᠠᠵᠢ ᠲᠦᠢᠮᠠᠷ ᠤᠨ ᠳᠠᠯᠠᠪᠠᠢ ᠳᠠᠬᠢ ᠶᠡᠷᠦᠩᠬᠡᠢ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ᠂ ᠤᠯᠤᠰ ᠤᠨ ᠤᠢ ᠰᠢᠭᠤᠢ ᠶᠢᠨ ᠲᠦᠢᠮᠡᠷ ᠰᠡᠷᠬᠡᠶᠢᠯᠡᠬᠦ ᠶᠢ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠭᠴᠢ᠂ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ᠳᠡᠳ᠋ ᠳᠠᠷᠤᠭ᠎ᠠ ᠯᠢ ᠱᠦ ᠮᠢᠩ ᠬᠤᠷᠠᠯ ᠳᠤ ᠤᠷᠤᠯᠴᠠᠪᠠ᠃      ᠤᠯᠤᠰ ᠤᠨ ᠤᠢ ᠰᠢᠭᠤᠢ ᠶᠢᠨ ᠲᠦᠢᠮᠡᠷ ᠰᠡᠷᠭᠡᠶᠢᠯᠡᠬᠦ ᠶᠢ ᠵᠢᠯᠤᠭᠤᠳᠬᠤ ᠭᠠᠵᠠᠷ ᠤᠨ ᠲᠦᠢᠮᠡᠷ ᠤᠨ ᠳᠠᠯᠠᠪᠠᠢ ᠳᠤ ᠳᠣᠮᠢᠯᠠᠭᠰᠠᠨ ᠠᠵᠢᠯᠯᠠᠬᠤ ᠳᠤᠭᠤᠶᠢᠯᠠᠩ ᠤᠨ ᠬᠢᠨ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ ᠳᠠᠯᠠᠪᠠᠢ ᠶᠢᠨ 5 · 17᠎ ᠤ ᠲᠦᠢᠮᠡᠷ ᠢ ᠤᠨᠳᠠᠷᠠᠭᠠᠵᠣ ᠠᠶᠣᠯ ᠠᠴᠠ ᠠᠪᠣᠷᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠬᠤ ᠶᠢᠨ ᠬᠠᠮᠳᠣ᠂ ᠳᠠᠷᠠᠭᠠᠴᠢ ᠶᠢᠨ ᠠᠯᠬᠤᠮ ᠤᠨ ᠲᠦᠢᠮᠠᠷ ᠢ ᠣᠨᠳᠠᠷᠠᠭᠠᠵᠣ ᠠᠶᠣᠯ ᠠᠴᠠ ᠠᠪᠤᠷᠠᠬᠤ ᠠᠵᠢᠯ ᠳᠤ ᠰᠠᠨᠠᠯ ᠳᠤᠷᠠᠳᠪᠠ᠃      ᠲᠦᠢᠮᠠᠷ ᠤᠨ ᠳᠠᠯᠠᠪᠠᠢ ᠶᠢᠨ ᠡᠯ᠎ᠡ ᠳᠠᠯ᠎ᠠ ᠶᠢᠨ ᠮᠡᠳᠡᠭᠡ ᠵᠠᠩᠬᠢ  ᠶᠢ ᠰᠤᠳᠤᠯᠤᠨ ᠮᠠᠭᠠᠳᠯᠠᠬᠤ ᠪᠠᠷ ᠳᠠᠮᠵᠢᠨ᠂ ᠳᠠᠷᠠᠭᠠᠴᠢ ᠶᠢᠨ ᠠᠯᠬᠤᠮ ᠳᠤ ᠲᠦᠢᠮᠡᠷ ᠣᠨᠳᠠᠷᠠᠭᠠᠬᠤ ᠴᠡᠷᠢᠭ ᠤᠨ ᠬᠦᠴᠦᠨ ᠢ ᠨᠡᠮᠡᠨ ᠳᠣᠬᠢᠷᠠᠭᠤᠯᠵᠣ᠂ ᠡᠯ᠎ᠡ ᠭᠠᠵᠠᠷ ᠤᠨ ᠤᠢ ᠰᠢᠭᠤᠢ ᠶᠢᠨ ᠴᠠᠭᠳᠠᠭ᠎ᠠ ᠶᠢᠨ ᠴᠡᠷᠢᠭ ᠠᠩᠬᠢ ᠪᠠ ᠲᠦᠷᠭᠡᠨ ᠲᠦᠢᠮᠡᠷ ᠣᠨᠳᠠᠷᠠᠭᠠᠬᠤ ᠡᠩᠨᠡᠭᠡ ᠶᠢ ᠳᠣᠭᠳᠠᠭᠰᠠᠨ ᠴᠠᠭ ᠲᠤ ᠳᠤᠭᠳᠠᠭᠰᠠᠨ ᠴᠢᠭ᠋ ᠲᠤ ᠬᠦᠷᠬᠦ ᠶᠢ ᠪᠠᠳᠤᠯᠠᠨ᠎ᠠ︔ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠲᠤᠨᠤᠭ ᠲᠦᠭᠦᠬᠡᠷᠦᠮᠵᠢ ᠵᠡᠷᠭᠡ ᠡᠯ᠎ᠡ ᠳᠠᠯ᠎ᠠ ᠶᠢᠨ ᠪᠠᠳᠤᠯᠠᠭ᠎ᠠ ᠶᠢ ᠰᠠᠶᠢᠲᠤᠷ ᠬᠢᠵᠤ᠂ ᠲᠦᠢᠮᠠᠷ ᠤᠨᠳᠠᠷᠠᠭᠠᠬᠤ ᠡᠮᠦᠨ᠎ᠡ ᠹᠷᠤᠨᠲ ᠲᠤ ᠲᠦᠢᠮᠡᠷ ᠢ ᠣᠨᠳᠠᠷᠠᠭᠠᠵᠣ ᠠᠶᠣᠯ ᠠᠴᠠ ᠠᠪᠣᠷᠠᠬᠤ ᠠᠵᠢᠯ ᠢ ᠤᠷᠤᠭᠰᠢᠳᠠᠢ ᠦᠷᠨᠢᠭᠦᠯᠬᠦ ᠶᠢ ᠦᠨᠡᠨᠬᠦ ᠪᠠᠳᠤᠯᠠᠨ᠎ᠠ︔ ᠴᠠᠭ ᠠᠭᠤᠷ ᠤᠨ ᠬᠢᠨᠠᠨ ᠬᠡᠮᠵᠢᠯᠳᠡ ᠶᠢ ᠴᠢᠩᠭᠠᠳᠬᠠᠨ᠂ ᠲᠦᠢᠮᠡᠷ ᠭᠠᠷᠤᠬᠰᠡᠨ ᠭᠠᠵᠠᠷ ᠣᠷᠣᠨ ᠤ ᠴᠠᠭ ᠠᠭᠤᠷ ᠤᠨ ᠬᠤᠪᠢᠷᠠᠯᠳᠠ ᠶᠢ ᠨᠢᠭᠳᠠ ᠠᠵᠢᠭᠯᠠᠵᠤ᠂ ᠠᠰᠢᠭ ᠲᠠᠢ ᠴᠠᠭ ᠲᠤᠬᠢᠶᠠᠯ ᠢ ᠠᠮᠵᠢᠨ ᠲᠦᠢᠮᠡᠷ ᠢ ᠳᠠᠷᠣᠢ ᠲᠦᠷᠭᠡᠨ ᠤᠨᠳᠠᠷᠠᠭᠠᠨ᠎ᠠ︔ ᠲᠦᠢᠮᠡᠷ ᠤᠨᠳᠠᠷᠠᠭᠠᠨ ᠠᠪᠣᠷᠠᠨ ᠳᠣᠰᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠬᠤ ᠶᠢᠨ ᠬᠠᠮᠳᠣ᠂ ᠲᠦᠢᠮᠡᠷ ᠢ ᠰᠡᠷᠭᠡᠶᠢᠯᠡᠵᠤ ᠲᠦᠢᠮᠡᠷ ᠤᠨᠳᠠᠷᠠᠭᠠᠭᠴᠢᠳ ᠤᠨ ᠠᠮᠤᠷ ᠲᠦᠪᠰᠢᠨ ᠢ ᠦᠨᠡᠨᠬᠦ ᠪᠠᠳᠤᠯᠠᠵᠤ᠂ ᠬᠦᠮᠦᠨ ᠠᠳᠡᠵᠦ ᠰᠢᠷᠬᠠᠳᠣᠬᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠳᠣᠯᠠᠬᠤ ᠪᠣᠯᠣᠨ᠎ᠠ᠃      ᠤᠶᠢᠯᠠᠭᠠᠭᠰᠠᠨ ᠢᠶᠠᠷ᠂ ᠨᠢᠰᠭᠡᠯ ᠢᠶᠠᠷ ᠠᠵᠢᠭᠯᠠᠭᠰᠠᠨ ᠪᠠ ᠲᠦᠢᠮᠡᠷ ᠤᠨ ᠳᠠᠯᠠᠪᠠᠢ ᠶᠢᠨ ᠪᠠᠶᠢᠳᠠᠯ ᠢ ᠦᠨᠳᠦᠰᠦᠯᠡᠵᠦ᠂ ᠣᠢ ᠰᠢᠭᠤᠢ ᠶᠢᠨ ᠴᠠᠭᠳᠠᠭ᠎ᠠ ᠶᠢᠨ ᠴᠡᠷᠢᠭ ᠠᠩᠬᠢ ᠪᠣᠯᠣᠨ ᠣᠢ ᠰᠢᠭᠤᠢ ᠶᠢᠨ ᠳᠣᠰᠬᠠᠢ ᠲᠦᠢᠮᠡᠷ ᠣᠨᠳᠠᠷᠠᠭᠠᠬᠤ ᠡᠩᠨᠡᠭᠡ ᠨᠢᠭᠳᠠ ᠬᠠᠮᠵᠢᠯᠴᠠᠵᠣ᠂ ᠬᠡᠰᠡᠭ ᠬᠤᠪᠢᠶᠠᠨ ᠳᠠᠭᠠᠭᠠᠴᠢᠯᠠᠵᠣ᠂ ︽ᠣᠯᠠᠨ ᠴᠢᠭ᠋ ᠠᠴᠠ ᠰᠢᠪᠳᠤᠯᠬᠤ᠂ ᠵᠠᠮ ᠬᠤᠪᠢᠶᠠᠨ ᠬᠤᠮᠢᠵᠦ ᠴᠤᠬᠢᠬᠤ︾ ᠵᠡᠷᠭᠡ ᠪᠠᠶᠢᠯᠳᠤᠬᠤ ᠠᠷᠭ᠎ᠠ ᠶᠢ ᠠᠪᠴᠣ ᠲᠦᠢᠮᠡᠷ ᠢ ᠣᠨᠳᠠᠷᠠᠭᠠᠨ ᠠᠶᠣᠯ ᠠᠴᠠ ᠠᠪᠣᠷᠠᠬᠤ ᠠᠵᠢᠯ ᠢ ᠦᠷᠨᠢᠭᠦᠯᠵᠦ ᠪᠠᠶᠢᠨ᠎ᠠ᠃      ᠠᠭᠤᠯᠵᠠᠨ ᠵᠦᠪᠳᠡᠯᠴᠡᠭᠰᠡᠨ ᠤ ᠳᠠᠷᠠᠭ᠎ᠠ᠂ ᠤᠯᠤᠰ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠲᠦᠢᠮᠠᠷ ᠤᠨ ᠳᠠᠯᠠᠪᠠᠢ ᠳᠤ ᠳᠣᠮᠢᠯᠠᠭᠰᠠᠨ ᠠᠵᠢᠯᠯᠠᠬᠤ ᠳᠤᠭᠤᠶᠢᠯᠠᠩ ᠤᠨ ᠬᠢᠨ ᠲᠦᠢᠮᠡᠷ ᠣᠨᠳᠠᠷᠠᠭᠠᠬᠤ ᠡᠮᠦᠨ᠎ᠡ ᠹᠷᠣᠨᠲ ᠲᠤ ᠬᠦᠷᠴᠦ ᠲᠦᠢᠮᠡᠷ ᠣᠨᠳᠠᠷᠠᠭᠠᠵᠦ ᠠᠪᠣᠷᠠᠬᠤ ᠠᠵᠢᠯ ᠢ ᠵᠢᠯᠣᠭᠤᠳᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号