| ᠣᠳᠣᠨ ᠣᠷᠣᠨ ᠤ ᠳᠤᠷᠠᠨ ᠢ ᠪᠡᠶᠡᠯᠡᠴᠢᠯᠡᠨ ᠣᠶᠢᠯᠠᠭᠠᠵᠤ ᠪᠠᠶᠢᠭ᠎ᠠ ᠨᠢ | 5 ᠳ᠋ᠤᠭᠠᠷ ᠰᠠᠷ᠎ᠠ ᠶᠢᠨ 20 ᠤ ᠡᠳᠦᠷ᠂ 2017 ᠣᠨ ᠤ ᠦᠪᠦᠷ ᠮᠤᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠯᠠᠭᠠᠨ ᠤ ᠭᠠᠷᠠᠭ ᠵᠢᠴᠢ ᠪᠦᠬᠦ ᠤᠷᠤᠨ ᠤ 22 ᠳ᠋ᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠳᠡ ᠶᠢᠨ | ᠶᠤᠰᠤᠯᠠᠯ ᠶᠠᠪᠤᠭᠳᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠢᠶᠢᠨ ᠳᠡᠳ᠋ ᠡᠷᠬᠢᠯᠡᠭᠴᠢ ᠡᠦ ᠲᠤᠸᠠᠨ ᠶᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠬᠦᠬᠡᠬᠤᠳᠠ ᠲᠠᠬᠢ ᠭᠤᠤᠯ ᠳᠠᠯᠠᠪᠠᠢ ᠢᠶᠢᠨ ᠡᠬᠢᠯᠡᠯᠳᠡ | ᠢᠶᠢᠨ ᠶᠤᠰᠤᠯᠠᠯ ᠲᠤ ᠤᠷᠤᠯᠴᠠᠪᠠ᠃ | ᠤᠶᠢᠯᠠᠭᠠᠬᠰᠠᠨ ᠢᠶᠠᠷ᠂ ᠳᠤᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ ᠤᠨ | ᠭᠤᠤᠯ ᠳᠠᠯᠠᠪᠠᠢ ᠶᠢᠨ ᠡᠬᠢᠯᠡᠯᠳᠡ ᠶᠢᠨ ᠶᠤᠰᠤᠯᠠᠯ ᠢ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ | ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ | ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠦᠬᠡᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠭᠤᠤᠯᠯᠠᠨ ᠡᠷᠬᠢᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠤᠯᠤᠰ ᠢᠶᠠᠨ ᠬᠦᠴᠦᠷᠭᠡᠭᠵᠢᠭᠦᠯᠤᠨ | ᠂ ᠰᠢᠨ᠎ᠡ ᠶᠢ ᠡᠭᠦᠳᠬᠦ ᠪᠠᠷ ᠬᠦᠰᠡᠯ ᠢᠶᠠᠨ ᠳᠡᠷᠭᠡᠯᠰᠢᠭᠦᠯᠦᠶᠠ︾ ᠭᠡᠬᠦ ᠭᠤᠤᠯ ᠰᠡᠳᠦᠪ ᠢᠶᠠᠷ᠂ 5 ᠳ᠋ᠤᠭᠠᠷ ᠰᠠᠷ᠎ᠠ ᠶᠢᠨ | 20 ᠠᠴᠠ 27 ᠤ ᠡᠳᠤᠷ ᠪᠤᠯᠳᠠᠯ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ ᠤᠨ ᠵᠤᠬᠢᠶᠠᠨ | ᠪᠠᠶᠢᠭᠤᠯᠬᠤ ᠺᠤᠮᠢᠰ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠡᠯ᠎ᠡ ᠠᠶᠢᠮᠠᠭ ᠬᠤᠳᠠ ᠲᠠᠢ ᠬᠠᠮᠳᠤᠷᠠᠨ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠳᠡᠳᠬᠦᠭᠰᠡᠨ ᠠᠮᠵᠢᠯᠳᠠ ᠶᠢ ᠲᠤᠪᠤᠶᠢᠮ᠎ᠠ ᠤᠬᠠᠭᠤᠯᠵᠤ᠂ | ᠤᠨᠴᠠᠯᠢᠬᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠠᠵᠢᠯᠯᠠᠭ᠎ᠠ ᠶᠢ ᠡᠷᠬᠢᠯᠡᠵᠤ᠂ ᠰᠢᠯᠢᠳᠡᠭ | ᠶᠠᠰᠤ ᠴᠢᠨᠠᠷ ᠤᠨ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠢ ᠨᠡᠭᠡᠭᠡᠵᠤ᠂ ᠪᠦᠬᠦ ᠤᠷᠤᠨ ᠤ ᠬᠡᠪᠴᠢᠶᠠᠨ ᠳᠤ | ᠰᠢᠨ᠎ᠡ ᠶᠢ ᠡᠭᠦᠳᠬᠦ ᠰᠤᠶᠤᠯ ᠤᠨ ᠠᠭᠤᠷ ᠠᠮᠢᠰᠬᠤᠯ ᠢ ᠢᠳᠡᠪᠬᠢᠳᠠᠢ ᠪᠠᠷ ᠪᠤᠢ ᠪᠤᠯᠭᠠᠨ᠎ᠠ᠃ | ᠡᠬᠢᠯᠡᠯᠳᠡ ᠶᠢᠨ ᠶᠤᠰᠤᠯᠠᠯ ᠳᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠯᠠᠭᠠᠨ ᠤ ᠭᠠᠷᠠᠭ ᠤᠨ ᠵᠤᠬᠢᠶᠠᠨ ᠪᠠᠶᠢᠭᠤᠯᠬᠤ ᠺᠤᠮᠢᠰ ᠠᠴᠠ ᠦᠪᠤᠷ ᠮᠤᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠠᠶᠢᠨ ᠲᠤᠷᠠᠴᠤᠳ ᠤᠨ ᠠᠩᠬᠢ ᠳᠤ ᠲᠤᠭ ᠭᠦᠷᠳᠡᠭᠡᠪᠡ᠃ ᠳᠤᠬᠠᠢ ᠶᠢᠨ ᠳᠠᠯᠠᠪᠠᠢ ᠳᠤ᠂ ᠪᠠᠰᠠ | ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠮᠡᠷᠭᠡᠵᠢᠯ ᠤᠨ ᠠᠰᠠᠭᠤᠨ ᠯᠠᠪᠯᠠᠭ᠎ᠠ ᠬᠢᠬᠦ᠂ ᠭᠠᠯ | ᠰᠡᠷᠭᠡᠶᠢᠯᠡᠵᠤ ᠭᠠᠯ ᠤᠨᠳᠠᠷᠠᠭᠠᠬᠤ ᠮᠡᠷᠭᠡᠵᠢᠯ ᠦᠵᠡᠭᠦᠯᠦᠯᠭᠡ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ | ᠦᠷᠨᠢᠬᠦᠯᠪᠡ᠃ |