ᠦᠪᠦᠷ ᠮᠣᠩᠭᠤᠯ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠲᠦᠮᠡᠨ ᠨᠡᠷ᠎ᠡ ᠰᠣᠩᠭᠤᠨ ᠡᠯᠰᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2017/5/22
      ᠣᠶᠢᠷ᠎ᠠ ᠳᠤ᠂ ᠥᠪᠥᠷ ᠮᠣᠩᠭᠤᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠲᠦᠮᠡᠨ ᠨᠡᠷ᠎ᠡ ᠰᠣᠩᠭᠤᠨ ᠡᠯᠰᠡᠬᠦ ᠠᠵᠢᠯ ᠢ ᠡᠬᠢᠯᠡᠭᠦᠯᠪᠡ᠃ ᠪᠦᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠲᠥᠷᠢᠮ ᠤᠨ ᠪᠠᠶᠢᠭᠤᠯᠤᠮᠵᠢ ᠨᠤᠭᠤᠳ ᠨᠠᠷᠢᠨ ᠬᠢᠨᠠᠮᠠᠭᠠᠶ ᠬᠢᠨᠠᠨ ᠪᠠᠶᠢᠴᠠᠭᠠᠯᠲᠠ ᠪᠠᠷ ᠳᠠᠮᠵᠢᠨ ᠲᠤᠬᠠᠶ ᠶᠢᠨ ᠭᠠᠵᠠᠷ ᠠᠴᠠ ᠪᠠᠨ ᠠᠳᠠᠭ ᠲᠠᠭᠠᠨ 100 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠬᠤ ᠪᠣᠯᠤᠨ᠎ᠠ᠃      ᠣᠶᠢᠯᠠᠭᠠᠭᠰᠠᠨ ᠢᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠎ ᠳᠤ ᠲᠠᠷᠠᠬᠠᠶ ᠠᠵᠢᠯᠯᠠᠬᠤ ᠪᠠ ᠲᠥᠪᠯᠡᠷᠡᠭᠦᠯᠦᠨ ᠠᠵᠢᠯᠯᠠᠭᠤᠯᠬᠤ ᠶᠢ ᠤᠶᠠᠯᠳᠤᠭᠤᠯᠬᠤ ᠠᠷᠭ᠎ᠠ ᠶᠢ ᠠᠪᠴᠤ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠤᠮ ᠤᠨ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠯᠪᠠᠨ ᠵᠢᠷᠤᠮ ᠤᠨ ᠬᠢᠨᠠᠯᠲᠠ ᠲᠠᠯᠪᠢᠭᠴᠢ ᠨᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠬᠦ ᠲᠤᠯᠠ ᠡᠨᠡ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠭᠦᠢᠴᠡᠳ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠥᠷᠭᠡᠴᠡ ᠪᠠ ᠭᠦᠨᠴᠡ ᠶᠢ ᠥᠷᠭᠡᠳᠬᠡᠨ᠂ ᠬᠠᠤᠯᠢ ᠳᠦᠷᠢᠮ ᠤᠨ ᠬᠢᠨᠠᠯᠲᠠ ᠲᠠᠯᠪᠢᠬᠤ ᠬᠢᠭᠡᠳ ᠨᠡᠶᠢᠭᠡᠮ ᠤᠨ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号