5 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ | ᠳᠤᠲᠤᠭᠠᠳᠦ ᠶᠢ ᠬᠠᠮᠠᠭᠠᠯᠠᠬᠤ ᠲᠢᠩᠬᠢᠮ ᠪᠣᠯᠣᠨ ᠪᠠᠷᠢᠯᠭ᠎ᠠ ᠶᠢ ᠳᠡᠯᠪᠡᠴᠢᠬᠦ ᠠᠵᠢᠯ ᠤᠨ ᠨᠡᠶᠢᠭᠡᠮᠯᠢᠭ ᠬᠠᠮᠲᠤᠷᠠᠨ ᠪᠦᠬᠦ | ᠤᠷᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠵᠢᠴᠢ | ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠭᠡᠰᠢᠬᠦᠨ ᠤ ᠲᠦᠯᠦᠭᠡᠯᠡᠭᠴᠢᠳ ᠤᠨ | ᠬᠤᠷᠠᠯ ᠬᠤᠷᠠᠯᠳᠤᠭᠤᠯᠪᠠ᠃ | ᠬᠤᠷᠠᠯ ᠠᠴᠠ᠂ 2016 ᠤᠨ ᠤ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠨ ᠠᠵᠢᠯ ᠲᠦᠷᠦᠯ ᠪᠤᠯᠤᠨ | ᠪᠠᠷᠢᠯᠭ᠎ᠠ ᠶᠢ ᠳᠡᠯᠪᠡᠴᠢᠬᠦ ᠪᠤᠳᠠᠰ ᠤᠨ ᠠᠵᠢᠯ ᠲᠦᠷᠦᠯ ᠤᠨ ᠭᠦᠭᠵᠢᠯᠲᠡ ᠶᠢᠨ ᠳᠤᠮᠳᠠ ᠤᠷᠤᠰᠢᠵᠦ ᠪᠠᠶᠢᠭ᠎ᠠ | ᠠᠰᠠᠭᠤᠳᠠᠯ᠂ ᠠᠵᠠ ᠲᠤᠬᠢᠶᠠᠯ ᠪᠤᠯᠤᠨ ᠦᠷᠢᠰᠦᠯᠳᠦᠬᠡᠨ ᠤ ᠪᠠᠶᠢᠳᠠᠯ ᠢ ᠵᠠᠳᠠᠯᠵᠦ᠂ 2017 ᠤᠨ ᠤ | ᠭᠤᠤᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠵᠠᠢ᠃ 2016 ᠤᠨ ᠤ ᠦᠨᠡᠨᠴᠢ ᠢᠲᠡᠭᠡᠮᠵᠢᠳᠡᠢ ᠠᠵᠦ | ᠠᠬᠤᠶᠢᠯᠠᠯ ᠤᠨ ᠰᠢᠯᠭᠠᠷᠠᠭᠤᠯᠤᠯᠲᠠ ᠳᠤ ᠤᠷᠤᠯᠴᠠᠬᠰᠠᠨ 12 ᠠᠵᠦ ᠠᠬᠤᠶᠢᠯᠠᠯ ᠢ ᠬᠦᠬᠢᠬᠦᠯᠦᠨ ᠰᠠᠶᠢᠰᠢᠶᠠᠵᠤ᠂ 38 | ᠠᠵᠦ ᠠᠬᠤᠶᠢᠯᠠᠯ ᠢ 2017 ᠤᠨ ᠤ ᠦᠨᠡᠨᠴᠢ ᠢᠲᠡᠭᠡᠮᠵᠢᠳᠡᠢ ᠠᠵᠦ ᠠᠬᠤᠶᠢᠯᠠᠯ ᠤᠨ ᠪᠦᠲᠦᠭᠡᠨ | ᠪᠠᠶᠢᠭᠤᠯᠤᠯᠲᠠ ᠶᠢᠨ ᠰᠢᠯᠭᠠᠷᠠᠭᠤᠯᠤᠯᠲᠠ ᠳᠤ ᠤᠷᠤᠯᠴᠠᠬᠤ ᠨᠢᠭᠡᠴᠡ ᠪᠠᠷ ᠲᠤᠬᠲᠠᠭᠠᠵᠠᠢ᠃ ᠬᠤᠷᠠᠯ ᠠᠴᠠ ᠪᠠᠰᠠ ︽ | ᠠᠷᠠᠳ ᠤᠨ ᠬᠡᠷᠡᠭᠯᠡᠭᠡᠨ ᠤ ᠲᠡᠯᠪᠡᠷᠡᠬᠦ ᠡᠳ᠋ ᠢ ᠬᠦᠷᠭᠡᠬᠦ ᠦᠢᠯᠡᠴᠢᠯᠡᠭᠡ ᠶᠢ ᠠᠬᠢᠭᠤᠯᠬᠤ ᠵᠢᠯᠤᠭᠤᠳᠬᠤ ᠰᠠᠨᠠᠯ︾ ︵ | ᠲᠤᠷᠰᠢᠨ ᠭᠡᠷᠡᠭᠯᠡᠬᠦ︶ ᠢ ᠨᠡᠶᠢᠲᠡᠯᠡᠬᠦ ᠶᠢᠨ ᠬᠠᠮᠲᠦ᠂ ︽ᠠᠵᠦ ᠠᠬᠤᠶᠢᠯᠠᠯ ᠤᠨ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠦᠷ ᠭᠡᠷᠡᠭᠵᠢᠬᠦᠯᠬᠦ ᠠᠷᠭ᠎ᠠ︾ ᠶᠢ ᠨᠡᠶᠢᠲᠡᠯᠡᠵᠠᠢ᠃ | ᠬᠤᠷᠠᠯ ᠠᠴᠠ ᠱᠠᠭᠠᠷᠳᠠᠬᠰᠠᠨ ᠨᠢ᠂ ᠳᠣᠣᠷ᠎ᠠ ᠬᠠᠭᠠᠰ ᠵᠢᠯ ᠳᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ | ᠬᠤᠷᠠᠯᠳᠣᠵᠣ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠣᠯᠣᠨ᠎ᠠ᠃ | ᠡᠷᠬᠡᠪᠰᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠦ ᠰᠡᠳᠬᠢᠯᠭᠡ ᠪᠤᠯᠤᠨ ᠳᠡᠦᠬᠡᠨ | ᠬᠠᠷᠢᠭᠤᠴᠠᠯᠭᠠᠳᠤ ᠰᠡᠳᠬᠢᠯᠭᠡ ᠪᠠᠷ᠂ ᠪᠦᠬᠦ ᠬᠦᠴᠦᠨ ᠢᠶᠠᠷ ᠠᠷᠠᠳ ᠤᠨ ᠬᠡᠷᠡᠭᠯᠡᠭᠡᠨ ᠤ ᠲᠡᠯᠪᠡᠷᠡᠬᠦ ᠡᠳ᠋ ᠤᠨ | ᠬᠠᠮᠢᠶᠠᠷᠤᠯᠲᠠ ᠶᠢ ᠴᠢᠩᠭ᠎ᠠ ᠠᠳᠬᠤᠵᠦ᠂ ᠬᠦᠨᠲᠦ ᠶᠡᠭᠡ ᠠᠳᠡᠯ ᠤᠨ ᠬᠡᠷᠡᠭ ᠡᠬᠦᠰᠬᠦ ᠦᠬᠡᠢ ᠶᠢ ᠦᠨᠡᠨᠬᠦ ᠪᠠᠲᠤᠯᠠᠵᠦ᠂ | ᠠᠵᠢᠯ ᠲᠦᠷᠦᠯ ᠤᠨ ᠠᠮᠤᠷ ᠲᠦᠪᠰᠢᠨ ᠬᠦᠭᠵᠢᠯᠲᠡ ᠶᠢ ᠪᠡᠶᠡᠯᠡᠬᠦᠯᠬᠦ ᠬᠡᠷᠡᠭᠲᠡᠢ ᠭᠡᠵᠡᠢ᠃ |