5 ᠳ᠋ᠤᠭᠠᠷ ᠰᠠᠷ᠎ᠠ ᠶᠢᠨ 20 ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠪᠠ | ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠭᠰᠡᠨ ︽ᠵᠢᠭᠤᠯᠴᠢᠯᠠᠯ ᠢᠶᠠᠷ | ᠠᠮᠢᠳᠤᠷᠠᠯ ᠢᠶᠠᠨ ᠨᠡᠩ ᠠᠵᠠ ᠵᠢᠷᠭᠠᠯ ᠲᠠᠢ ᠪᠤᠯᠭᠠᠶ᠎ᠠ︾ 2017 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ | ᠡᠳᠦᠷ ᠤᠨ ᠥᠪᠦᠷ ᠮᠤᠩᠭᠤᠯ ᠤᠨ ᠬᠤᠪᠢᠶᠠᠷᠢ ᠲᠠᠯᠠᠪᠠᠢ ᠶᠢᠨ ᠠᠵᠢᠯᠯᠠᠭ᠎ᠠ ᠪᠠᠶᠠᠨᠨᠠᠭᠤᠷ ᠬᠤᠳᠠ ᠶᠢᠨ ᠬᠠᠳᠤᠨ ᠭᠤᠤᠯ | ᠤᠨ ᠪᠤᠷᠤᠲᠤᠬᠤᠢ ᠶᠢᠨ ᠰᠤᠶᠤᠯ ᠵᠢᠭᠤᠯᠴᠢᠯᠠᠯ ᠤᠨ ᠤᠷᠤᠨ ᠳᠤ ᠡᠬᠢᠯᠡᠵᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ | ᠤᠷᠤᠨ ᠤ ᠳᠡᠳ᠋ ᠲᠡᠷᠢᠬᠦᠯᠡᠭᠴᠢ ᠵᠠᠩ ᠵᠢᠶᠠᠨ ᠮᠢᠨ ᠡᠬᠢᠯᠡᠬᠦ ᠶᠤᠰᠤᠯᠠᠯ ᠳᠤ ᠤᠷᠤᠯᠴᠠᠪᠠ᠃ | ᠲᠤᠰ ᠤᠳᠠᠭ᠎ᠠ ᠶᠢᠨ ᠡᠬᠢᠯᠡᠬᠦᠯᠦᠭᠰᠡᠨ ᠲᠤᠯᠤᠳᠤᠭᠠᠷ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ | ᠥᠪᠦᠷ ᠮᠤᠩᠭᠤᠯ ᠤᠨ ᠬᠤᠪᠢᠶᠠᠷᠢ ᠲᠠᠯᠠᠪᠠᠢ ᠶᠢᠨ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠨᠢ ᠭᠤᠤᠯᠳᠠᠭᠤ | ᠤᠯᠤᠰ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢᠨ ︽ᠭᠤᠷᠪᠡᠨ ᠠᠯᠬᠤᠮ ᠢᠶᠠᠷ ᠶᠠᠪᠤᠬᠤ︾ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠦᠪᠡᠷᠲᠡᠭᠡᠨ ᠵᠠᠰᠠᠬᠤ ᠤᠷᠤᠨ ᠤ ᠳᠤᠷᠠᠳᠤᠭᠰᠠᠨ ︽ᠬᠠᠮ | ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠢ ᠶᠡᠭᠡᠪᠡᠷ ᠬᠦᠭᠵᠢᠬᠦᠯᠵᠦ᠂ ᠤᠯᠤᠰ ᠤᠨ ᠳᠤᠳᠤᠭᠠᠳᠦ | ᠭᠠᠳᠠᠭᠠᠳᠤ ᠶᠢᠨ ᠨᠡᠷᠡᠳᠦ ᠵᠢᠭᠤᠯᠴᠢᠯᠠᠯ ᠤᠨ ᠬᠠᠷᠠᠯᠳᠠᠳᠤ ᠤᠷᠤᠨ ᠢ ᠴᠤᠬᠴᠠᠯᠠᠶ᠎ᠠ︾ ᠭᠡᠬᠦ ᠶᠡᠷᠦᠩᠭᠡᠢ ᠬᠠᠷᠠᠯᠳᠠ ᠶᠢ | ᠨᠠᠶᠢᠳᠠᠪᠤᠷᠢᠵᠢᠭᠤᠯᠬᠤ ᠶᠢᠨ ᠲᠦᠯᠦᠭᠡ ᠶᠤᠮ᠃ ᠡᠬᠢᠯᠡᠬᠦ ᠶᠤᠰᠤᠯᠠᠯ ᠲᠡᠭᠡᠷ᠎ᠠ᠂ ᠬᠤᠷᠠᠯ ᠳᠤ ᠤᠷᠤᠯᠴᠠᠬᠰᠠᠨ | ᠤᠳᠤᠷᠢᠳᠤᠯᠭ᠎ᠠ ︽ᠦᠪᠤᠷ ᠮᠤᠩᠭᠤᠯ ᠤᠨ ᠵᠢᠭᠤᠯᠴᠢᠯᠠᠯ ᠤᠨ ᠰᠤᠨᠢᠨ︾ ᠤ ᠫᠠᠶᠢᠰᠨ ᠶᠢ ᠰᠡᠬᠦᠵᠤ᠂ ᠲᠡᠷᠡᠴᠢᠯᠠᠨ | ᠤᠷᠴᠢᠨ ᠲᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠳᠠᠨ᠂ ᠬᠦᠯᠤᠰᠤᠨ ᠠᠵᠢᠯᠴᠢᠨ ᠵᠢᠴᠢ ᠤᠨᠴᠠ | ᠰᠤᠷᠭᠠᠭᠤᠯᠢ ᠶᠢᠨ ᠲᠦᠯᠤᠬᠡᠯᠡᠭᠴᠢ ᠳᠤ ᠭᠡᠰᠡᠭ ᠭᠤᠤᠯᠳᠠᠯᠭ᠎ᠠ ᠲᠠᠢ ᠦᠵᠡᠮᠵᠢ ᠶᠢᠨ ᠤᠷᠤᠨ ᠤ ᠡᠬᠦᠳᠡᠨ ᠪᠢᠯᠧᠲ᠂ | ᠵᠤᠭᠤᠰ ᠤᠷᠤᠯᠠᠭᠤᠯᠬᠤ ᠲᠡᠮᠳᠡᠭ ᠢ ᠥᠨ᠎ᠠ ᠲᠥᠯᠤᠪᠤᠷᠢ ᠥᠭᠡᠢ ᠪᠠᠷ ᠬᠦᠷᠬᠡᠪᠡ᠃ ᠲᠤᠰ ᠡᠳᠤᠷ᠂ ᠪᠦᠬᠦ ᠤᠷᠤᠨ ᠤ | 155 ᠦᠵᠡᠮᠵᠢ ᠶᠢᠨ ᠤᠷᠤᠨ ᠤ ᠬᠢᠨ ᠰᠤᠶᠢᠳᠭᠡᠯ ᠬᠤᠷᠢᠶᠠᠬᠤ ᠦᠬᠡᠢ ᠵᠢᠭᠤᠯᠴᠢᠯᠠᠯ ᠤᠨ ᠠᠵᠢᠯᠯᠠᠭ᠎ᠠ ᠦᠷᠨᠢᠬᠦᠯᠵᠤ᠂ | ᠵᠢᠭᠤᠯᠴᠢᠯᠠᠭᠴᠢᠳ ᠲᠤ 25 ᠲᠦᠮᠡᠨ ᠡᠬᠦᠳᠡᠨ ᠪᠢᠯᠧᠲ᠂ 1.3 ᠲᠦᠮᠡᠨ ᠬᠤᠪᠢ ᠵᠤᠭᠤᠰ ᠤᠷᠤᠯᠠᠭᠤᠯᠬᠤ | ᠲᠡᠮᠳᠡᠭ ᠬᠦᠷᠬᠡᠵᠤ᠂ 86 ᠦᠵᠡᠮᠵᠢ ᠶᠢᠨ ᠤᠷᠤᠨ᠂ ᠵᠢᠭᠤᠯᠴᠢᠯᠠᠯ ᠤᠨ ᠠᠵᠤ ᠠᠬᠤᠶᠢᠯᠠᠯ ᠡᠬᠦᠳᠡᠨ ᠪᠢᠯᠧᠲ ᠢᠶᠠᠨ | ᠭᠢᠮᠳᠠᠷᠠᠯᠳᠠ ᠲᠠᠢ ᠬᠦᠷᠬᠡᠵᠤ᠂ ᠨᠡᠶᠢᠳᠠ 1000 ᠭᠠᠷᠤᠢ ᠲᠦᠮᠡᠨ ᠲᠦᠬᠦᠷᠢᠭ ᠤᠨ ᠵᠢᠭᠤᠯᠴᠢᠯᠠᠯ ᠢᠶᠠᠷ ᠠᠷᠠᠳ ᠲᠤ | ᠠᠰᠢᠬ ᠬᠦᠷᠳᠡᠬᠡᠬᠦ ᠪᠡᠯᠡᠭ ᠪᠠᠷᠢᠬᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠪᠡᠷᠳᠡᠬᠡᠨ ᠵᠠᠰᠠᠬᠤ ᠤᠷᠤᠨ ᠵᠢᠴᠢ ᠡᠯ᠎ᠠ ᠠᠶᠢᠮᠠᠬ ᠬᠤᠳᠠ | ᠶᠢᠨ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠤᠬᠠᠭᠤᠯᠭ᠎ᠠ ᠶᠢᠨ ᠫᠷᠦᠭᠷᠡᠮ ᠨᠡᠪᠳᠡᠷᠡᠬᠦᠯᠬᠦ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ᠂ ᠦᠵᠡᠮᠵᠢ ᠶᠢᠨ ᠭᠡᠷᠡᠯ ᠵᠢᠷᠤᠬ ᠤᠨ ᠪᠦᠳᠤᠬᠡᠯ ᠤᠨ ᠦᠵᠡᠬᠦᠯᠤᠯᠬᠡ ᠵᠡᠷᠬᠡ ᠬᠡᠯᠪᠡᠷᠢ ᠪᠠᠷ ︽ | ᠰᠦᠷᠯᠢᠭ ᠰᠠᠶᠢᠬᠠᠨ ᠦᠪᠤᠷ ᠮᠤᠩᠭᠤᠯ᠂ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ︾ ᠢᠶᠠᠨ | ᠭᠠᠶᠢᠬᠠᠭᠤᠯᠤᠬᠰᠠᠨ ᠪᠠᠶᠢᠨ᠎ᠠ᠃ ᠡᠬᠦᠨ ᠤ ᠲᠤᠮᠳᠠ᠂ ᠮᠤᠩᠭᠤᠯ ᠬᠤᠪᠴᠠᠰᠤ ᠬᠤᠨᠠᠷ ᠵᠠᠰᠠᠯ ᠴᠢᠮᠡᠭᠯᠡᠯ ᠤᠨ | ᠦᠵᠡᠬᠦᠯᠤᠯᠬᠡ ᠶᠢᠨ ᠲᠤᠬᠯᠠᠯᠳᠠ᠂ ᠤᠷᠠᠳ ᠲᠠᠭᠤᠤ ᠪᠦᠵᠢᠭ ᠤᠨ ᠲᠤᠭᠯᠠᠯᠳᠠ ᠵᠡᠷᠬᠡ ᠠᠯᠢ ᠤᠯᠠᠨ ᠪᠠᠶᠠᠯᠢᠬ | ᠠᠭᠤᠯᠭ᠎ᠠ ᠲᠠᠢ ᠤᠯᠠᠨ ᠲᠦᠮᠡᠨᠴᠢ ᠴᠢᠨᠠᠷᠳᠠᠢ ᠰᠤᠶᠤᠯ ᠤᠷᠠᠯᠢᠬ ᠤᠨ ᠠᠵᠢᠯᠯᠠᠭ᠎ᠠ ᠦᠷᠨᠢᠬᠦᠯᠪᠠ᠃ ᠡᠭᠦᠨ ᠤ ᠬᠠᠮᠳᠤ᠂ | ︽ᠪᠠᠶᠠᠨᠨᠠᠭᠤᠷ ᠢᠶᠠᠷ ᠢᠶᠠᠨ ᠵᠢᠭᠤᠯᠴᠢᠯᠠᠬᠤ︾᠂ ᠰᠤᠶᠤᠯ ᠵᠢᠭᠤᠯᠴᠢᠯᠠᠯ ᠤᠨ ᠦᠨᠳᠤᠰᠤᠳᠠᠨ ᠤ ᠲᠠᠸᠠᠷ ᠤᠨ | ᠦᠵᠡᠰᠬᠦᠯᠠᠩ᠂ ᠲᠤᠯᠢ ᠨᠠᠭᠤᠷ ᠢ ᠲᠤᠭᠤᠷᠢᠬᠰᠠᠨ ᠲᠤᠭᠤᠢ ᠲᠡᠷᠭᠡᠨ ᠤ ᠤᠷᠤᠯᠳᠤᠭᠠᠨ᠂ ᠪᠠᠶᠠᠨᠨᠠᠭᠤᠷ ᠤᠨ ᠬᠦᠳᠡᠭᠡ | ᠲᠤᠰᠬᠤᠨ ᠤ ᠵᠢᠭᠤᠯᠴᠢᠯᠠᠯ ᠤᠨ ᠨᠠᠶᠢᠷ᠂ ᠱᠠᠨᠰᠢ ᠭᠠᠨᠰᠤ ᠨᠢᠩᠰᠢᠶᠠ ᠵᠡᠷᠬᠡ ᠮᠤᠵᠢ ᠤᠷᠤᠨ ᠤ 100 | ᠵᠢᠭᠤᠯᠴᠢᠯᠠᠭᠴᠢᠳ ᠲᠤᠭᠤᠷᠢᠨ ᠦᠵᠡᠵᠤ ᠰᠢᠨᠵᠢᠯᠡᠨ ᠪᠠᠶᠢᠴᠠᠭᠠᠬᠤ ᠵᠡᠷᠭᠡ ᠠᠵᠢᠯᠯᠠᠭ᠎ᠠ ᠶᠢ ᠡᠬᠢᠯᠡᠬᠦᠯᠪᠠ᠃ |