ᠪᠡᠭᠡᠵᠢᠩ ᠥᠪᠥᠷ ᠮᠣᠩᠭᠤᠯ ᠮᠥᠩᠭᠦᠨ ᠭᠦᠢᠯᠭᠡᠭᠡᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2017/5/22
     ᠦᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠪᠡᠭᠡᠵᠢᠩ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠣᠪᠴᠢᠶ᠎ᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠪᠠ᠃ ᠵᠦᠪᠳᠡᠯᠴᠡᠭᠡᠷ ᠤᠨ ᠶᠣᠰᠣᠭᠠᠷ᠂ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠭᠲᠠᠶ ᠪᠠᠶᠢᠬᠤ᠂ ᠬᠠᠮᠲᠤ ᠪᠠᠷ ᠬᠦᠭᠵᠢᠬᠦ ᠬᠠᠮᠲᠤᠷᠠᠯᠴᠠᠭᠠᠨ ᠤ ᠵᠠᠷᠴᠢᠮ ᠢ ᠪᠠᠷᠢᠮᠲᠠᠯᠠᠵᠤ᠂ ᠪᠡᠭᠡᠵᠢᠩ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠦᠷᠢᠶ᠎ᠡ᠂ ᠬᠦᠷᠦᠩᠭᠡ ᠶᠢᠨ ᠵᠠᠬ᠎ᠠ ᠳᠡᠯᠭᠡᠭᠦᠷ ᠤᠨ ᠬᠦᠷᠢᠶ᠎ᠡ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠠᠮᠲᠤᠷᠠᠯᠴᠠᠭ᠎ᠠ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠵᠡᠷᠭᠡ ᠣᠯᠠᠨ ᠬᠦᠷᠢᠶᠡᠨ ᠳᠤ ᠭᠦᠨ ᠳᠡᠰ ᠳᠠᠪᠬᠤᠷᠭ᠎ᠠ᠂ ᠥᠨᠳᠥᠷ ᠬᠢᠷᠢ ᠲᠦᠪᠰᠢᠨ ᠪᠦᠬᠦᠢ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠰᠣᠯᠢᠯᠴᠠᠭ᠎ᠠ ᠦᠷᠨᠢᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠪᠥᠷ ᠮᠣᠩᠭᠤᠯ ᠪᠣᠯᠤᠨ ᠪᠡᠭᠡᠵᠢᠩ ᠬᠤᠲᠠ ᠶᠢᠨ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠤᠷᠤᠨ ᠤ ᠮᠥᠩᠭᠦᠨ ᠭᠦᠢᠯᠭᠡᠭᠡᠨ ᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠰᠢᠭᠲᠠᠢ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠠᠬᠤᠢ ᠶᠢ ᠪᠤᠢ ᠪᠤᠯᠭᠠᠬᠤ ᠪᠤᠯᠤᠨ᠎ᠠ᠃      ᠲᠤᠰ ᠵᠦᠪᠳᠡᠯᠴᠡᠭᠡᠷ ᠪᠣᠯ ᠪᠡᠭᠡᠵᠢᠩ ᠥᠪᠥᠷ ᠮᠣᠩᠭᠤᠯ ᠬᠤᠶᠠᠷ ᠤᠷᠤᠨ ᠤ ᠵᠠᠰᠠᠭ ᠤᠨ ᠣᠷᠳᠣᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠ ᠪᠦᠬᠦ ᠲᠠᠯ᠎ᠠ ᠶᠢᠨ ᠬᠠᠮᠲᠤᠷᠠᠯᠴᠠᠬᠤ ᠪᠤᠷᠤ ᠲᠦᠯᠦᠪ ᠤᠨ ᠵᠦᠪᠳᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠨᠠᠰᠢᠬᠢ᠂ ᠪᠡᠭᠡᠵᠢᠩ ᠥᠪᠥᠷ ᠮᠣᠩᠭᠤᠯ ᠬᠤᠶᠠᠷ ᠤᠷᠤᠨ ᠤ ᠲᠤᠭᠲᠠᠭᠰᠠᠨ ᠪᠠᠰᠠ ᠨᠢᠭᠡᠨ ᠲᠤᠰᠬᠠᠢ ᠬᠠᠮᠲᠤᠷᠠᠯᠴᠠᠭᠠᠨ ᠤ ᠵᠦᠪᠳᠡᠯᠴᠡᠭᠡᠷ ᠪᠤᠯᠤᠨ᠎ᠠ᠂ ᠰᠢᠨ᠎ᠡ ᠴᠠᠭ ᠦᠶ᠎ᠡ ᠳᠤ ᠬᠤᠶᠠᠷ ᠤᠷᠤᠨ ᠤ ᠮᠥᠩᠭᠦᠨ ᠭᠦᠢᠯᠭᠡᠭᠡᠨ ᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠢ ᠬᠠᠮᠲᠤᠪᠠᠷ ᠬᠦᠷᠲᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠬᠦ ᠳᠤ ᠬᠥᠲᠥᠯᠥᠨ ᠵᠢᠯᠣᠭᠤᠳᠬᠤ ᠪᠠ ᠠᠬᠢᠭᠤᠯᠬᠤ ᠢᠳᠡᠪᠬᠢ ᠦᠢᠯᠡᠳᠦᠯ ᠦᠵᠡᠭᠦᠯᠬᠦ ᠪᠣᠯᠤᠨ᠎ᠠ᠃ ᠤᠶᠢᠯᠭᠠᠭᠰᠠᠨ ᠢᠶᠠᠷ᠂ ︽12·5︾᠎ ᠶᠢᠨ ᠬᠤᠭᠤᠴᠠᠭᠠᠨ ᠳᠤ᠂ ᠪᠡᠭᠡᠵᠢᠩ ᠬᠤᠲᠠ ᠥᠪᠥᠷ ᠮᠣᠩᠭᠤᠯ ᠳᠤ 1930 ᠲᠦᠷᠦᠯ ᠵᠦᠢᠯ ᠳᠤ ᠪᠡᠯᠡ ᠤᠷᠤᠭᠤᠯᠵᠤ᠂ 5608 ᠳ᠋ᠦᠩᠰᠢᠭᠤᠷ ᠲᠥᠭᠦᠷᠢᠭ ᠪᠡᠯᠡ ᠮᠦᠩᠭᠦ ᠶᠢ ᠪᠤᠲᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠳᠤ ᠭᠠᠳᠠᠷ ᠣᠷᠣᠨ ᠠᠴᠠ ᠲᠠᠲᠠᠵᠤ ᠤᠷᠤᠭᠤᠯᠤᠭᠰᠠᠨ ᠪᠡᠯᠡ ᠮᠦᠩᠭᠦ ᠶᠢᠨ 30%᠎ ᠶᠢ ᠡᠵᠡᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号