ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠠᠴᠠ ᠤᠶᠢᠯᠠᠭᠠᠭᠰᠠᠨ ᠢᠶᠠᠷ᠂ ᠡᠨᠡ | ᠵᠢᠯ ᠤᠨ 1 — 4 ᠳ᠋ᠦ᠋ᠭᠡᠷ ᠰᠠᠷ᠎ᠠ ᠳᠤ ᠪᠦᠬᠦ ᠤᠷᠤᠨ ᠤ 500 ᠲᠦᠮᠡᠨ ᠲᠦᠬᠦᠷᠢᠭ ᠠᠴᠠ ᠲᠡᠭᠡᠭᠰᠢᠬᠢ ᠲᠦᠷᠦᠯ | ᠵᠦᠢᠯ 1906.47 ᠳ᠋ᠦᠩᠰᠢᠭᠤᠷ ᠲᠦᠬᠦᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ | ᠪᠡᠶᠡᠯᠡᠬᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.4% ᠢᠶᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠠᠳᠠᠯᠢ ᠬᠤᠭᠤᠴᠠᠭᠠᠨ ᠤ ᠪᠦᠬᠦ ᠤᠯᠤᠰ ᠤᠨ ᠲᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ | 3.5 ᠬᠤᠪᠢ ᠬᠤᠷᠳᠤᠨ ᠪᠤᠯᠪᠠ᠃ | ᠡᠬᠦᠨ ᠳᠤ᠂ ᠠᠷᠠᠳ ᠤᠨ ᠪᠡᠯᠡ ᠤᠷᠤᠭᠤᠯᠤᠯᠳᠠ 949.81 ᠳ᠋ᠦᠩᠰᠢᠭᠤᠷ ᠲᠦᠬᠦᠷᠢᠭ ᠲᠤ ᠬᠦᠷᠴᠦ᠂ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.3% ᠢᠶᠠᠷ ᠨᠡᠮᠡᠭᠳᠡᠪᠡ᠂ ᠨᠢᠭᠡᠳᠦᠭᠡᠷ ᠠᠵᠦ ᠦᠢᠯᠡᠰ ᠤᠨ | ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.06 ᠲᠠᠬᠢᠨ᠂ ᠬᠤᠶᠠᠳᠤᠭᠠᠷ ᠠᠵᠦ | ᠦᠢᠯᠡᠰ ᠤᠨ ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.4% ᠢᠶᠠᠷ | ᠬᠠᠰᠤᠭᠳᠠᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 21.4% ᠢᠶᠠᠷ ᠨᠡᠮᠡᠭᠳᠡᠪᠡ᠃ |