ᠣᠳᠣᠬᠠᠨ ᠳᠤ ᠪᠦᠬᠦ ᠣᠷᠣᠨ ᠳᠤ 158.58 ᠲᠦᠮᠡᠨ ᠵᠡᠮᠳᠡᠭᠴᠦᠳ ᠪᠠᠶᠢᠵᠤ᠂ ᠪᠦ᠋ᠬᠦ ᠣᠷᠣᠨ ᠤ ᠶᠡᠷᠦᠩᠬᠡᠶ | ᠬᠥᠮᠦᠨ ᠠᠮᠠ ᠶᠢᠨ 6.39% ᠶᠢ ᠡᠵᠡᠯᠡᠵᠤ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠮᠠᠨ ᠤ ᠣᠷᠣᠨ | ᠵᠡᠮᠳᠡᠭᠴᠦᠳ ᠢ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠰᠢᠶᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠳᠤ ᠤᠷᠤᠭᠤᠯᠵᠤ᠂ ᠪᠠᠲᠤᠯᠠᠨ ᠳᠠᠭᠠᠭᠠᠬᠤ᠂ ᠠᠮᠢᠳᠤᠷᠠᠯ ᠢ ᠪᠠᠲᠤᠯᠠᠬᠤ᠂ ᠠᠳᠠᠯ ᠦᠶᠯᠡᠰ | ᠴᠣᠭᠴᠠᠯᠠᠵᠤ ᠠᠵᠢᠯ ᠣᠯᠭᠤᠬᠤ᠂ ᠡᠷᠬᠡ ᠠᠰᠢᠭ ᠢ ᠪᠠᠲᠤᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ | ᠵᠡᠮᠳᠡᠭᠴᠦᠳ ᠢ ᠬᠠᠪᠰᠤᠷᠴᠤ ᠪᠠᠶᠢᠭᠠᠳ ᠣᠷᠣᠯᠭ᠎ᠠ ᠶᠢ ᠨᠢ ᠨᠡᠮᠡᠭᠳᠡᠬᠦᠯᠵᠤ᠂ ᠵᠡᠮᠳᠡᠭᠴᠦᠳ ᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠬᠦᠴᠦᠯᠡᠨ ᠲᠦᠯᠬᠢᠨ ᠠᠬᠢᠭᠤᠯᠪᠠ᠃ ᠮᠠᠨ ᠤ ᠣᠷᠣᠨ ᠤ ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠤᠯᠠᠮ ᠪᠦᠷᠢᠨᠰᠢᠵᠤ᠂ ᠵᠡᠮᠳᠡᠭᠴᠦᠳ ᠤᠨ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ᠄ ᠠᠮᠢᠳᠤᠷᠠᠯ ᠨᠢ ᠬᠦᠴᠢᠷᠳᠡᠯᠲᠡᠶ | ᠵᠡᠮᠳᠡᠭᠴᠦᠳ ᠤᠨ ᠨᠥᠬᠦᠪᠥᠷᠢ ᠪᠤᠯᠤᠨ ᠬᠦᠨᠳᠦ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ ᠲᠦᠷᠢᠮ ᠢ | ᠪᠦᠬᠦ ᠤᠯᠤᠰ ᠲᠤ ᠨᠡᠯᠢᠶᠡᠳ ᠡᠷᠲᠡ ᠠᠴᠠ ᠡᠬᠢᠯᠡᠨ ᠬᠡᠷᠡᠭᠵᠢᠬᠦᠯᠵᠤ᠂ ᠵᠡᠮᠳᠡᠭᠴᠦᠳ ᠤᠨ 195.18 ᠲᠦᠮᠡᠨ | ᠬᠥᠮᠦᠨ ᠤᠳᠠᠭ᠎ᠠ ᠠᠰᠢᠭ ᠬᠦᠷᠲᠡᠪᠡ︔ ᠬᠤᠳᠠ ᠬᠥᠳᠡᠭᠡ ᠶᠢᠨ ᠶᠠᠳᠠᠭᠤ ᠬᠦᠴᠢᠷᠳᠡᠯᠲᠡᠶ 26.63 ᠲᠦᠮᠡᠨ | ᠵᠡᠮᠳᠡᠭᠴᠦᠳ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠡᠵᠤ᠂ 41.35 ᠲᠦᠮᠡᠨ ᠵᠡᠮᠳᠡᠭᠴᠦᠳ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠲᠤ | ᠤᠷᠤᠵᠤ᠂ 62.07 ᠲᠦᠮᠡᠨ ᠵᠡᠮᠳᠡᠭᠴᠦᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠲᠤ ᠤᠷᠤᠪᠠ︔ ᠶᠠᠳᠠᠭᠤ ᠬᠦᠴᠢᠷᠳᠡᠯᠲᠡᠶ ᠵᠡᠮᠳᠡᠭᠴᠦᠳ ᠪᠤᠯᠤᠨ ᠬᠦᠨᠳᠦ ᠵᠡᠮᠳᠡᠭᠴᠦᠳ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠪᠤᠯᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠤ | ᠤᠷᠤᠵᠤ᠂ ᠬᠤᠪᠢ ᠬᠥᠮᠦᠨ ᠤ ᠲᠤᠰᠢᠶᠠᠬᠤ ᠰᠦᠢᠳᠬᠡᠯ ᠳᠤ ᠵᠠᠰᠠᠭ ᠤᠨ ᠣᠷᠳᠣᠨ ᠠᠴᠠ ᠨᠦᠬᠦᠪᠦᠷᠢ ᠦᠭᠪᠡ︔ ᠡᠮ | ᠡᠮᠨᠡᠯᠭᠡ ᠶᠢᠨ ᠡᠷᠡᠭᠦᠯᠵᠢᠯ ᠤᠨ 19 ᠲᠦᠷᠦᠯ ᠵᠦᠢᠯ ᠢ ᠡᠮ ᠡᠮᠨᠡᠯᠭᠡ ᠶᠢᠨ ᠦᠨᠳᠦᠰᠦᠨ ᠪᠠᠲᠤᠯᠠᠭ᠎ᠠ ᠶᠢᠨ ᠳᠥᠯᠥᠬᠦ | ᠬᠡᠪᠴᠢᠶᠡᠨ ᠳᠤ ᠤᠷᠤᠭᠤᠯᠵᠤ᠂ ᠵᠡᠮᠳᠡᠭᠴᠦᠳ ᠤᠨ ᠡᠮ ᠡᠮᠨᠡᠯᠭᠡ ᠶᠢᠨ ᠡᠷᠡᠭᠦᠯᠵᠢᠯ ᠤᠨ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ︔ ᠵᠡᠮᠳᠡᠭᠴᠦᠳ ᠤᠨ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠲᠦᠷᠢᠮ ᠢ ᠤᠯᠠᠮ | ᠨᠢᠭᠡ ᠠᠯᠬᠤᠮ ᠪᠦᠷᠢᠨᠰᠢᠬᠦᠯᠵᠤ᠂ ᠨᠠᠰᠤᠨ ᠳᠤ ᠬᠦᠷᠦᠭᠰᠡᠨ ᠬᠦᠨᠳᠦ ᠵᠡᠮᠳᠡᠭᠴᠦᠳ ᠲᠤ ᠠᠰ ᠲᠤᠨᠢ ᠲᠡᠩᠰᠠ | ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ | ᠠᠰᠳᠠᠭᠠᠨ ᠭᠤᠶᠤᠴᠢᠯᠠᠵᠤ ᠪᠤᠯᠬᠤ ᠪᠤᠯᠭᠠᠪᠠ᠃ | ᠲᠠᠨᠢᠯᠴᠠᠭᠤᠯᠤᠭᠰᠠᠨ ᠢᠶᠠᠷ᠂ 2015 ᠤᠨ ᠤ 1 ᠳ᠋ᠤᠭᠡᠷ ᠰᠠᠷ᠎ᠠ ᠶᠢᠨ 1 ᠤ ᠡᠳᠦᠷ᠂ ᠮᠠᠨ ᠤ ᠣᠷᠣᠨ | ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠤᠯᠤᠨ ᠦᠨᠡᠨ ᠨᠡᠷ᠎ᠡ ᠶᠢᠨ ᠳᠦᠷᠢᠮᠲᠦ ᠶᠢᠨ ᠲᠤᠰᠬᠠᠶ | ᠪᠠᠶᠢᠴᠠᠭᠠᠯᠲᠠ ᠶᠢ ᠡᠬᠢᠯᠡᠭᠦᠯᠵᠦ᠂ 2017 ᠤᠨ ᠤ 4 ᠳ᠋ᠤᠭᠡᠷ ᠰᠠᠷ᠎ᠠ ᠪᠣᠯᠲᠠᠯ᠎ᠠ᠂ 774514 ᠨᠡᠷ᠎ᠡ ᠬᠡᠷᠡᠴᠢ ᠲᠠᠢ | ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠤᠯᠤᠨ ᠬᠡᠷᠡᠭᠴᠡᠭᠡᠨ ᠤ ᠪᠠᠶᠢᠳᠠᠯ ᠤᠨ ᠦᠨᠡᠨ ᠪᠣᠳᠠᠲᠠᠶ | ᠮᠡᠳᠡᠭᠡ ᠵᠠᠩᠭᠢ ᠶᠢ ᠤᠯᠵᠤ᠂ ᠲᠠᠷᠠᠭᠠᠴᠢ ᠶᠢᠨ ᠠᠯᠬᠤᠮ ᠳᠤ ᠵᠡᠮᠳᠡᠭᠴᠦᠳ ᠲᠤ ᠲᠤᠶᠢᠯ ᠤᠨ ᠤᠨᠤᠪᠴᠢᠲᠠᠢ ᠪᠠᠷ | ᠦᠢᠯᠡᠴᠢᠯᠡᠬᠦ ᠳᠤ ᠰᠠᠭᠤᠷᠢ ᠲᠤᠭ᠎ᠠ ᠪᠠᠷᠢᠮᠲᠠ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠣᠷᠣᠨ | ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ᠂ ᠬᠠᠷᠢᠴᠠᠯ ᠢᠶᠠᠷ ᠠᠵᠢᠯ ᠤᠯᠭᠤᠬᠤ᠂ ᠠᠮᠢᠳᠤᠯᠢᠭ ᠠᠵᠢᠯ | ᠤᠯᠭᠤᠬᠤ᠂ ᠲᠤᠰᠠᠯᠠᠬᠤ ᠴᠢᠨᠠᠷᠲᠠᠶ ᠠᠵᠢᠯ ᠣᠯᠭᠤᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ | ᠵᠡᠮᠳᠡᠭᠴᠦᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠪᠡ᠄ ᠥᠪᠡᠷᠲᠡᠭᠡᠨ ᠵᠠᠰᠠᠬᠤ ᠣᠷᠣᠨ ᠵᠢᠯ ᠪᠦᠷᠢ 2500 | ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠶᠢᠨ ᠨᠥᠬᠦᠪᠥᠷᠢ ᠲᠤᠬᠢᠷᠠᠭᠤᠯᠤᠨ ᠵᠡᠮᠳᠡᠭᠴᠦᠳ ᠢ ᠠᠵᠤ | ᠠᠬᠤᠶᠢᠯᠠᠯ ᠳᠤ ᠲᠥᠪᠯᠡᠷᠡᠭᠦᠯᠦᠨ ᠠᠵᠢᠯ ᠤᠯᠭᠤᠪᠠ︔ 2016 ᠣᠨ ᠳᠤ ᠨᠥᠬᠦᠪᠥᠷᠢ ᠦᠭᠴᠦ ᠵᠡᠮᠳᠡᠭᠴᠦᠳ ᠢ | ᠲᠥᠪᠯᠡᠷᠡᠭᠦᠯᠦᠨ ᠠᠵᠢᠯ ᠤᠯᠭᠤᠭᠰᠠᠨ ᠠᠵᠤ ᠠᠬᠤᠶᠢᠯᠠᠯ 167 ᠪᠠᠶᠢᠵᠤ᠂ 4223 ᠵᠡᠮᠳᠡᠭᠴᠦᠳ ᠲᠤ ᠠᠵᠢᠯ | ᠤᠯᠭᠤᠪᠠ᠂ ᠡᠭᠦᠨ ᠳᠤ ᠵᠡᠮᠳᠡᠭᠴᠦᠳ ᠤᠨ ᠠᠳᠠᠯ ᠦᠢᠯᠡᠰ ᠴᠤᠭᠴᠠᠯᠠᠭᠰᠠᠨ ᠠᠵᠤ ᠠᠬᠤᠶᠢᠯᠠᠯ 61 ᠪᠠᠶᠢᠵᠤ᠂ | 767 ᠵᠡᠮᠳᠡᠭᠴᠦᠳ ᠢ ᠳᠠᠶᠢᠴᠢᠯᠠᠨ ᠠᠵᠢᠯ ᠤᠯᠭᠤᠭᠰᠠᠨ ᠪᠠᠶᠢᠨ᠎ᠠ︔ ᠮᠠᠯᠵᠢᠬᠤ ᠲᠠᠷᠢᠶᠠᠯᠠᠬᠤ ᠣᠷᠣᠨ ᠤ ᠠᠵᠢᠯ | ᠤᠯᠬᠤ ᠬᠦᠰᠡᠯ ᠲᠠᠢ ᠪᠠ ᠬᠥᠳᠡᠯᠮᠦᠷᠢᠯᠡᠬᠦ ᠴᠢᠳᠠᠪᠤᠷᠢ ᠲᠠᠢ 193672 ᠨᠡᠷ᠎ᠡ ᠵᠡᠮᠳᠡᠭᠴᠦᠳ ᠲᠤ ᠬᠡᠷᠡᠭᠯᠡᠭᠡᠨ ᠤ | ᠮᠡᠷᠭᠡᠵᠢᠯ ᠤᠨ ᠪᠣᠯᠪᠠᠰᠤᠷᠠᠭᠤᠯᠤᠯ ᠬᠦᠷᠲᠡᠭᠡᠪᠡ︔ ᠬᠤᠲᠠ ᠪᠠᠯᠭᠠᠰᠤ ᠶᠢᠨ ᠠᠵᠢᠯ ᠤᠯᠬᠤ ᠬᠦᠰᠡᠯ ᠲᠠᠢ ᠪᠠ | ᠬᠦᠳᠡᠯᠮᠦᠷᠢᠯᠡᠬᠦ ᠴᠢᠳᠠᠪᠤᠷᠢ ᠲᠠᠢ 91867 ᠵᠡᠮᠳᠡᠭᠴᠦᠳ ᠲᠤ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ | ᠪᠤᠯᠪᠠᠰᠤᠷᠠᠭᠤᠯᠤᠯ ᠬᠦᠷᠲᠡᠭᠡᠭᠰᠡᠨ ᠪᠠᠶᠢᠨ᠎ᠠ᠃ |