5 ᠳ᠋ᠤᠭᠠᠷ ᠰᠠᠷ᠎ᠠ ᠶᠢᠨ 22 ᠤᠨ ᠡᠳᠦᠷ ᠤᠨ 10 ᠴᠠᠭ ᠲᠤ᠂ ᠮᠠᠨ ᠤ ᠣᠷᠣᠨ ᠪᠣᠯᠤᠨ ᠵᠡᠭᠦᠨ ᠬᠤᠶᠢᠲᠤ | ᠣᠷᠣᠨ ᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤ ᠶᠢᠨ ᠲᠡᠮᠦᠷ ᠵᠠᠮ — ᠥᠪᠥᠷ ᠮᠣᠩᠭᠤᠯ ᠤᠨ | ᠲᠦᠩᠯᠢᠶᠣᠤ ᠬᠤᠲᠠ ᠠᠴᠠ ᠯᠢᠶᠣᠤᠨᠢᠩ ᠤᠨ ᠰᠢᠨᠮᠢᠩ ᠬᠤᠲᠠ ᠶᠢᠨ ᠬᠤᠶᠢᠲᠤ ᠬᠦᠷᠬᠦ ᠳᠡᠭᠡᠳᠦ ᠬᠤᠷᠳᠤ ᠶᠢᠨ ᠲᠡᠮᠦᠷ | ᠵᠠᠮ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠭ ᠤᠨ ᠪᠤᠳᠤᠯᠢᠶᠠᠨᠲᠠᠶ ᠥᠷᠲᠡᠭᠡᠨ ᠤ ᠲᠠᠯᠠᠪᠤᠷ ᠰᠢᠯᠵᠢᠭᠦᠯᠬᠦ | ᠪᠠᠷᠢᠯᠭ᠎ᠠ ᠶᠢ ᠤᠷᠤᠭᠰᠢᠲᠠᠶ ᠪᠡᠶᠡᠯᠡᠭᠦᠯᠵᠦ᠂ ᠡᠨᠡ ᠵᠢᠯ ᠤᠨ 9 ᠳ᠋ᠦ᠋ᠭᠡᠷ ᠰᠠᠷ᠎ᠠ ᠠᠴᠠ ᠪᠦᠬᠦ ᠱᠤᠭᠤᠮ ᠢᠶᠠᠷ ᠲᠡᠮᠦᠷ ᠵᠠᠮ | ᠳᠡᠪᠢᠰᠬᠦ ᠠᠵᠢᠯ ᠳᠤ ᠬᠦᠴᠦᠲᠡᠶ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠦᠩᠯᠢᠶᠣᠤ ᠬᠤᠲᠠ ᠠᠴᠠ ᠯᠢᠶᠣᠤᠨᠢᠩ ᠤᠨ ᠰᠢᠨᠮᠢᠩ ᠬᠤᠲᠠ ᠶᠢᠨ ᠬᠤᠶᠢᠲᠤ ᠬᠦᠷᠬᠦ | ᠳᠡᠭᠡᠳᠦ ᠬᠤᠷᠳᠣ ᠶᠢᠨ ᠲᠡᠮᠦᠷ ᠵᠠᠮ ᠪᠣᠯ ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ | ᠰᠦᠯᠵᠢᠶᠡᠨ ᠤ ᠲᠥᠯᠥᠪᠵᠢᠭᠦᠯᠭᠡ ᠶᠢᠨ ︽ᠨᠠᠢᠮᠠᠨ ᠬᠦᠨᠳᠡᠯᠡᠨ ᠨᠠᠢᠮᠠᠨ ᠭᠤᠯᠳᠤ︾ ᠳᠡᠭᠡᠳᠦ ᠬᠤᠷᠳᠤ ᠶᠢᠨ ᠲᠡᠮᠦᠷ | ᠵᠠᠮ ᠤᠨ ᠲᠣᠣᠷ ᠰᠦᠯᠵᠢᠶ᠎ᠡ ᠶᠢᠨ ᠪᠦᠷᠢᠯᠳᠦᠬᠦᠨ ᠬᠡᠰᠡᠭ ᠪᠣᠯᠣᠨ᠎ᠠ᠃ ᠵᠠᠮ ᠱᠤᠭᠤᠮ ᠨᠢ ᠪᠡᠭᠡᠵᠢᠩ ᠮᠦᠭᠳᠡᠨ ᠬᠦᠷᠬᠦ | ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠰᠢᠨᠮᠢᠩ ᠬᠤᠶᠢᠲᠤ ᠥᠷᠲᠡᠭᠡ ᠠᠴᠠ ᠡᠬᠢᠯᠡᠵᠦ᠂ ᠵᠢᠩᠬᠢᠨᠢ | ᠱᠤᠭᠤᠮ ᠤᠨ ᠪᠦᠬᠦ ᠣᠷᠳᠣ ᠨᠢ 197 ᠺᠢᠯᠣᠮᠧᠲᠷ᠂ ᠵᠢᠷᠤᠵᠤ ᠲᠥᠯᠥᠪᠯᠡᠭᠰᠡᠨ ᠬᠤᠷᠳᠤᠴᠠ ᠨᠢ 250 ᠺᠢᠯᠣᠮᠧᠲᠷ | ᠪᠣᠯᠣᠨ᠎ᠠ᠃ ᠮᠠᠨ ᠤ ᠣᠷᠣᠨ ᠪᠣᠯᠣᠨ ᠵᠡᠭᠦᠨ ᠬᠤᠶᠢᠲᠤ ᠣᠷᠣᠨ ᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤ ᠶᠢᠨ | ᠲᠡᠮᠦᠷ ᠵᠠᠮ ᠪᠣᠯᠣᠭᠰᠠᠨ ᠤ ᠬᠤᠪᠢ ᠳᠤ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠠᠴᠠ ᠮᠦᠭᠳᠡᠨ᠂ | ᠪᠡᠭᠡᠵᠢᠩ ᠳᠤ ᠬᠦᠷᠬᠦ ᠬᠠᠮᠤᠭ ᠤᠨ ᠳᠥᠭᠦᠮ ᠳᠥᠲᠡ ᠲᠦᠷᠭᠡᠨ ᠬᠤᠷᠳᠤ ᠶᠢᠨ ᠠᠶᠠᠨᠴᠢᠳ ᠤᠨ ᠲᠡᠭᠡᠭᠡᠪᠦᠷᠢ ᠶᠢᠨ | ᠨᠡᠪᠳᠡᠷᠡᠯ ᠵᠠᠮ ᠪᠣᠯᠵᠤ᠂ ᠥᠪᠥᠷ ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠪᠣᠯᠤᠨ ᠪᠦᠸᠧᠬᠠᠢ ᠲᠠᠩᠭᠢᠰ | ᠳᠠᠭᠠᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠰᠣᠯᠢᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ | ᠵᠡᠭᠦᠨ ᠬᠡᠰᠡᠭ ᠭᠠᠵᠠᠷ ᠣᠷᠣᠨ᠂ ᠯᠢᠶᠣᠤᠨᠢᠩ ᠤᠨ ᠭᠠᠵᠠᠷ ᠣᠷᠣᠨ ᠪᠠ ᠪᠡᠭᠡᠵᠢᠩ ᠲᠢᠶᠠᠨᠵᠢᠨ ᠡᠾᠧᠪᠸᠢ ᠶᠢᠨ ᠭᠠᠵᠠᠷ | ᠣᠷᠣᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ᠃ ᠲᠡᠷᠭᠡ | ᠨᠡᠪᠲᠡᠷᠡᠭᠰᠡᠨ ᠤ ᠳᠠᠷᠠᠭ᠎ᠠ᠂ ᠳᠡᠭᠡᠳᠦ ᠬᠤᠷᠳᠣ ᠶᠢᠨ ᠲᠡᠮᠦᠷ ᠵᠠᠮ ᠤᠨ ᠲᠡᠷᠭᠡᠨ ᠳᠤ ᠰᠠᠭᠤᠵᠤ ᠲᠦᠩᠯᠢᠶᠤᠤ ᠠᠴᠠ | ᠮᠥᠭᠳᠡᠨ ᠳᠤ ᠬᠦᠷᠬᠦ ᠳᠤ ᠣᠳᠣ ᠶᠢᠨ 5 ᠴᠠᠭ ᠣᠷᠴᠢᠮ ᠬᠡᠷᠡᠭᠰᠡᠵᠦ ᠪᠠᠶᠢᠭᠰᠠᠨ ᠨᠢ1.5 ᠴᠠᠭ ᠣᠷᠴᠢᠮ ᠪᠣᠯᠭᠠᠨ | ᠪᠣᠭᠤᠨᠢᠰᠬᠠᠵᠤ᠂ ᠲᠦᠩᠯᠢᠶᠤᠤ ᠠᠴᠠ ᠪᠡᠭᠡᠵᠢᠩ ᠳᠤ ᠬᠦᠷᠬᠦ ᠳᠤ ᠣᠳᠣ ᠶᠢᠨ 14 ᠴᠠᠭ ᠣᠷᠴᠢᠮ ᠬᠡᠷᠡᠭᠰᠡᠵᠦ | ᠪᠠᠶᠢᠭᠰᠠᠨ ᠨᠢ 3.5 ᠴᠠᠭ ᠣᠷᠴᠢᠮ ᠪᠣᠯᠭᠠᠨ ᠪᠣᠭᠤᠨᠢᠰᠬᠠᠬᠤ ᠪᠣᠯᠣᠨ᠎ᠠ᠃ | |