ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠵᠢᠭᠡᠯᠡᠭᠴᠢᠳ ᠤᠨ ᠬᠡᠪᠴᠢᠶ᠎ᠡ ᠶᠢ ᠥᠷᠭᠡᠳᠬᠡᠪᠡ
ᠨᠡᠶᠢᠲᠡᠯᠡᠭᠰᠡᠨ ᠴᠠᠭ᠄
2017/5/23
      ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠥᠪᠥᠷ ᠮᠣᠩᠭᠤᠯ ᠤᠨ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠲᠣᠭᠲᠠᠭᠠᠨ ᠨᠡᠶᠢᠲᠡᠯᠡᠪᠡ᠃      ︽ᠠᠷᠭ᠎ᠠ︾᠎ ᠳᠤ ᠲᠣᠳᠣᠷᠬᠠᠶᠢᠯᠠᠭᠰᠠᠨ ᠨᠢ᠂ ᠣᠳᠣᠬᠠᠨ ᠤ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠵᠢᠭᠡᠯᠡᠭᠴᠢᠳ ᠤᠨ ᠬᠡᠪᠴᠢᠶᠡᠨ ᠤ ᠰᠠᠭᠤᠷᠢᠨ ᠳᠡᠭᠡᠷ᠎ᠡ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠵᠢᠭᠡᠯᠡᠭᠴᠢᠳ ᠤᠨ ᠬᠡᠪᠴᠢᠶ᠎ᠡ ᠶᠢ ᠲᠣᠬᠢᠷᠠᠭᠤᠯᠤᠨ ᠥᠷᠭᠡᠳᠬᠡᠵᠦ᠂ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠵᠢᠭᠡᠯᠡᠭᠴᠢᠳ ᠤᠨ ᠬᠡᠪᠴᠢᠶ᠎ᠡ ᠶᠢ ᠣᠳᠣᠬᠠᠨ ᠤ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠵᠢᠭᠡᠯᠡᠭᠴᠢᠳ ᠤᠨ ᠬᠡᠪᠴᠢᠶ᠎ᠡ ᠶᠢᠨ ᠰᠠᠭᠤᠷᠢᠨ ᠳᠡᠭᠡᠷ᠎ᠡ ᠳᠣᠣᠷᠠᠬᠢ ᠮᠡᠲᠦ ᠲᠣᠬᠢᠷᠠᠭᠤᠯᠤᠨ ᠥᠷᠭᠡᠳᠬᠡᠬᠦ ᠪᠠᠷ ᠲᠣᠭᠲᠠᠭᠠᠪᠠ᠄ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭ ᠬᠥᠮᠦᠨ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠰᠢᠯᠵᠢᠭᠰᠡᠳ᠂ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠭᠠᠴᠠᠭᠠᠨ ᠳᠠᠷᠤᠭ᠎ᠠ ᠪᠣᠯᠣᠨ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠨ ᠰᠤᠷᠤᠭᠴᠢᠳ ᠪᠠᠭᠲᠠᠨ᠎ᠠ︶᠂ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠣᠨ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠴᠦ ᠶᠠᠪᠤᠭᠴᠢ ᠮᠠᠯᠴᠢᠨ ᠲᠠᠷᠢᠶᠠᠴᠢᠨ᠂ ᠰᠦᠯᠵᠢᠶᠡᠨ ᠬᠤᠳᠠᠯᠳᠤᠭᠠᠨ ᠡᠵᠡᠩᠨᠡᠭᠴᠢᠳ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ︔ ᠳᠡᠭᠡᠷ᠎ᠡ ᠳᠤᠷᠠᠳᠤᠭᠰᠠᠨ ᠬᠦᠮᠦᠰ ᠤᠨ ᠳᠣᠲᠣᠷᠠᠬᠢ ᠡᠮᠡᠭᠲᠡᠶᠢᠴᠦᠳ ᠢ ᠭᠤᠣᠯᠳᠠᠯᠭ᠎ᠠ ᠲᠠᠢ ᠵᠢᠭᠡᠯᠡᠭᠴᠢᠳ ᠤᠨ ᠬᠡᠪᠴᠢᠶᠡᠨ ᠳᠤ ᠣᠷᠤᠭᠤᠯᠤᠨ᠎ᠠ᠃ ᠰᠤᠷᠤᠯᠭ᠎ᠠ ᠲᠡᠳᠬᠦᠬᠦ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠠᠩᠬᠠᠳᠠᠭᠴᠢ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ ᠶᠢ ᠭᠠᠷᠭᠠᠪᠠᠯ᠂ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ︵ᠡᠷᠦᠭᠡ ᠪᠠᠷ ᠨᠢᠭᠡᠴᠢ ᠪᠣᠯᠭᠠᠨ᠎ᠠ︶ ᠎ ᠨᠢ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠭᠤᠶᠤᠴᠢᠯᠠᠭᠰᠠᠨ ᠡᠳᠦᠷ ᠠᠴᠠ ᠪᠠᠨ ᠤᠷᠤᠭᠰᠢ 5 ᠵᠢᠯ ᠤᠨ ᠳᠣᠲᠣᠷ᠎ᠠ᠂ ᠬᠤᠳᠠᠯᠳᠤᠭᠠᠨ ᠤ ᠪᠠᠩᠬᠢ ᠶᠢᠨ ᠪᠣᠰᠤᠳ ᠵᠢᠭᠡᠯᠡᠯᠭᠡ ᠶᠢᠨ ᠲᠡᠮᠳᠡᠭᠯᠡᠯ ᠦᠭᠡᠢ ᠪᠠᠶᠢᠬᠤ ᠬᠡᠷᠡᠭᠲᠡᠢ᠃ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠵᠢᠵᠢᠭ ᠠᠵᠤ ᠠᠬᠤᠶᠢᠯᠠᠯ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠪᠣᠢ ᠪᠦᠬᠦᠢ ᠨᠥᠬᠦᠴᠡᠯ ᠳᠤ ᠨᠡᠶᠢᠴᠡᠭᠰᠡᠨ ᠵᠢᠵᠢᠭ ᠪᠢᠴᠢᠯ ᠠᠵᠤ ᠠᠬᠤᠶᠢᠯᠠᠯ ᠳᠤ ᠬᠡᠷᠡᠭᠵᠢᠭᠦᠯᠬᠦ ᠪᠠᠷ ᠲᠣᠬᠢᠷᠠᠭᠤᠯᠤᠨ᠎ᠠ᠃ ᠡᠯ᠎ᠡ ᠡᠷᠬᠢᠯᠡᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠳᠤ ᠣᠯᠭᠤᠬᠤ ᠠᠳᠠᠯ ᠦᠶᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠪᠠᠶᠢᠯᠭᠠᠵᠤ᠂ ᠨᠥᠬᠦᠴᠡᠯ ᠳᠤ ᠨᠡᠶᠢᠴᠡᠭᠰᠡᠨ ᠵᠢᠭᠡᠯᠡᠯᠭᠡ ᠠᠪᠤᠭᠴᠢ ᠨᠢ ᠪᠣᠰᠤᠳ ᠬᠦᠮᠦᠨ ᠲᠠᠢ ᠬᠤᠷᠰᠢᠵᠤ ᠠᠳᠠᠯ ᠦᠢᠯᠡᠰ ᠴᠣᠭᠴᠠᠯᠠᠬᠤ ᠪᠠ ᠬᠠᠮᠲᠤᠪᠠᠷ ᠠᠳᠠᠯ ᠦᠢᠯᠡᠰ ᠴᠣᠭᠴᠠᠯᠠᠬᠤ ᠳᠤ ᠵᠢᠭᠡᠯᠡᠯᠭᠡ ᠶᠢᠨ ᠲᠤᠭ᠎ᠠ ᠶᠢ ᠵᠣᠬᠢᠰᠲᠠᠢ ᠳᠡᠭᠡᠭᠰᠢᠯᠡᠭᠦᠯᠵᠦ ᠪᠣᠯᠣᠨ᠎ᠠ᠃ ᠡᠷᠬᠢᠯᠡᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠠᠵᠤ ᠠᠬᠤᠶᠢᠯᠠᠯ ᠤᠨ ᠪᠣᠳᠠᠲᠠᠶ ᠡᠯᠰᠡᠨ ᠬᠡᠷᠡᠭᠯᠡᠵᠦ ᠪᠠᠶᠢᠭ᠎ᠠ ᠬᠥᠮᠦᠨ ᠤ ᠲᠤᠭ᠎ᠠ ᠶᠢ ᠨᠢ ᠦᠨᠳᠦᠰᠦᠯᠡᠨ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠶᠢᠨ ᠲᠤᠭ᠎ᠠ ᠶᠢ ᠵᠦᠢ ᠵᠣᠬᠢᠰᠲᠠᠶ ᠲᠣᠭᠲᠠᠭᠠᠵᠤ᠂ ᠬᠠᠮᠤᠭ ᠶᠡᠭᠡ ᠳᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号