| | | 5 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ 2017 ᠣᠨ ᠤ ᠪᠦᠬᠦ | ᠤᠯᠤᠰ ᠤᠨ ᠲᠠᠯᠠᠪᠤᠷ ᠤᠨ ᠳᠤᠭᠤᠶ ᠲᠡᠷᠭᠡ ᠶᠢᠨ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠶᠡᠷᠦᠩᠬᠡᠶ ᠰᠢᠶᠳᠪᠦᠷᠢᠲᠦ | ᠤᠷᠤᠯᠳᠤᠭᠠᠨ ᠪᠡᠭᠡᠵᠢᠩ ᠤᠨ ᠯᠤᠤ ᠱᠠᠨ ᠳᠤᠭᠤᠶ ᠲᠡᠷᠭᠡ ᠶᠢᠨ ᠣᠷᠳᠣᠨ ᠳᠤ ᠶᠠᠪᠤᠭᠳᠠᠪᠠ᠃ ᠲᠤᠰ ᠬᠤᠭᠤᠴᠠᠭᠠᠨ ᠤ | ᠤᠷᠤᠯᠳᠤᠭᠠᠨ ᠢ ᠳᠤᠮᠳᠠᠳᠤ ᠤᠯᠤᠰ ᠤᠨ ᠳᠤᠭᠤᠶ ᠲᠡᠷᠭᠡ ᠶᠢᠨ ᠬᠥᠳᠡᠯᠭᠡᠭᠡᠨ ᠤ ᠨᠡᠶᠢᠭᠡᠮᠯᠢᠭ ᠭᠤᠣᠯᠯᠠᠨ ᠡᠷᠬᠢᠯᠡᠵᠦ᠂ | ᠵᠦᠩ ᠤᠤ ᠪᠡᠶ᠎ᠡ ᠶᠢᠨ ᠲᠠᠮᠢᠷ ᠤᠨ ᠺᠤᠮᠫᠠᠨᠢ ᠳᠠᠭᠠᠭᠠᠨ ᠡᠷᠬᠢᠯᠡᠪᠡ᠂ ᠪᠡᠭᠡᠵᠢᠩ᠂ ᠲᠢᠶᠠᠨᠵᠢᠨ᠂ ᠵᠢᠶᠠᠩᠰᠦ᠂ ᠾᠧᠨᠠᠨ᠂ | ᠾᠧᠪᠸᠢ᠂ ᠱᠠᠨᠳᠦ᠋ᠩ ᠵᠡᠷᠭᠡ ᠠᠴᠠ ᠢᠷᠡᠭᠰᠡᠨ ᠨᠡᠶᠢᠲᠡ 27 ᠲᠥᠯᠥᠭᠡᠯᠡᠭᠴᠢᠳ ᠤᠨ ᠠᠩᠭᠢ ᠨᠡᠷ᠎ᠡ ᠮᠡᠳᠡᠭᠦᠯᠦᠨ | ᠤᠷᠤᠯᠳᠤᠭᠠᠨ ᠳᠤ ᠣᠷᠣᠯᠴᠠᠪᠠ᠂ ᠤᠷᠤᠯᠳᠤᠭᠠᠨ ᠳᠤ ᠡᠷᠡᠭᠲᠡᠶ ᠡᠮᠡᠭᠲᠡᠶ ᠶᠢᠨ ᠲᠡᠷᠢᠭᠦᠨ ᠪᠣᠯᠢᠶᠠᠯᠳᠤᠬᠤ ᠤᠷᠤᠯᠳᠤᠭᠠᠨ᠂ | ᠴᠠᠭᠲᠤ ᠤᠷᠤᠯᠳᠤᠭᠠᠨ᠂ ᠪᠦᠯᠬᠦᠮ ᠤᠨ ᠮᠥᠷᠦ᠋ᠢᠴᠡᠬᠦ ᠤᠷᠤᠯᠳᠤᠭᠠᠨ᠂ ᠺᠧᠶᠢᠷᠢᠨ ᠤᠷᠤᠯᠳᠤᠭᠠᠨ᠂ ᠪᠦᠯᠬᠦᠮ ᠤᠨ | ᠬᠥᠭᠡᠭᠡᠴᠡᠯᠳᠦᠬᠦ ᠤᠷᠤᠯᠳᠤᠭᠠᠨ᠂ ᠬᠤᠪᠢ ᠲᠡᠮᠳᠡᠭᠯᠡᠬᠦ ᠤᠷᠤᠯᠳᠤᠭᠠᠨ ᠪᠠ ᠪᠦᠷᠢᠨ ᠴᠢᠳᠠᠪᠤᠷᠢ ᠶᠢᠨ ᠤᠷᠤᠯᠳᠤᠭᠠᠨ | ᠵᠡᠷᠭᠡ ᠨᠡᠶᠢᠲᠡ 14 ᠲᠥᠷᠥᠯ ᠵᠦᠢᠯ ᠢ ᠲᠣᠬᠢᠷᠠᠭᠤᠯᠪᠠ᠃ ᠲᠤᠰ ᠬᠤᠭᠤᠴᠠᠭᠠᠨ ᠤ ᠪᠦᠬᠦ ᠤᠯᠤᠰ ᠤᠨ ᠲᠠᠯᠠᠪᠤᠷ ᠤᠨ | ᠳᠤᠭᠤᠶ ᠲᠡᠷᠭᠡ ᠶᠢᠨ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠶᠡᠷᠦᠩᠬᠡᠶ ᠰᠢᠶᠳᠪᠦᠷᠢᠲᠦ ᠤᠷᠤᠯᠳᠤᠭᠠᠨ ᠤ ᠨᠢᠭᠡᠨ | ᠶᠡᠭᠡ ᠬᠢᠯᠠᠰ ᠴᠢᠭ᠋ ᠭᠡᠪᠡᠯ 4 ᠪᠦᠯᠬᠦᠮ ᠤᠨ ᠲᠥᠷᠥᠯ ᠵᠦᠢᠯ ᠳᠤ ᠠᠳᠠᠯᠢ ᠪᠤᠰᠤ ᠲᠥᠯᠥᠭᠡᠯᠡᠭᠴᠢᠳ ᠤᠨ ᠠᠩᠭᠢ ᠶᠢᠨ | ᠲᠠᠮᠢᠷᠴᠢᠨ ᠬᠠᠮᠲᠤᠷᠠᠨ ᠪᠠᠭ ᠪᠠᠶᠢᠭᠤᠯᠵᠤ ᠣᠷᠣᠯᠴᠠᠵᠦ ᠪᠣᠯᠣᠨ᠎ᠠ᠃ 13 ᠨᠢᠭᠡᠴᠡ ᠶᠢᠨ 53 ᠲᠠᠮᠢᠷᠴᠢᠨ ᠬᠠᠮᠲᠤᠷᠠᠨ | ᠪᠠᠭ ᠪᠠᠶᠢᠭᠤᠯᠵᠤ ᠣᠷᠣᠯᠴᠠᠵᠠᠢ᠃ ᠬᠠᠮᠤᠭ ᠤᠨ ᠡᠴᠦᠰ ᠲᠤ᠂ ᠮᠠᠨ ᠤ ᠣᠷᠣᠨ ᠤ ᠲᠠᠮᠢᠷᠴᠢᠨ ᠢᠲᠡᠭᠡᠯ ᠭᠤᠴᠢᠨ | ᠺᠢᠯᠣᠮᠧᠲᠷ ᠤᠨ ᠬᠤᠪᠢ ᠲᠡᠮᠳᠡᠭᠯᠡᠬᠦ ᠤᠷᠤᠯᠳᠤᠭᠠᠨ ᠳᠤ ᠳᠡᠳ᠋ᠯᠡᠪᠡ᠃ ᠵᠠᠩ ᠢ ᠰᠧᠴᠤᠸᠠᠨ ᠤ ᠳᠤᠭᠤᠶ ᠲᠡᠷᠭᠡ ᠶᠢᠨ | ᠠᠩᠭᠢ ᠲᠠᠢ ᠬᠠᠮᠲᠤᠷᠠᠨ ᠪᠠᠭ ᠪᠠᠶᠢᠭᠤᠯᠵᠦ᠂ ᠲᠠᠯᠠᠪᠤᠷ ᠤᠨ ᠪᠦᠯᠬᠦᠮ ᠤᠨ ᠬᠥᠭᠡᠭᠡᠴᠡᠯᠳᠦᠬᠦ ᠤᠷᠤᠯᠳᠤᠭᠠᠨ ᠳᠤ | ᠲᠠᠪᠤᠳᠤᠭᠠᠷ ᠲᠤ ᠣᠷᠣᠪᠠ᠃ ᠵᠠᠩ ᠢ ᠨᠠᠰᠤᠨ ᠳᠤ ᠬᠦᠷᠦᠭᠰᠡᠨ ᠡᠷᠡᠭᠲᠡᠶ ᠶᠢᠨ ᠳᠤᠭᠤᠶ ᠲᠡᠷᠭᠡᠨ ᠤ ᠪᠦᠷᠢᠨ | ᠴᠢᠳᠠᠪᠤᠷᠢ ᠶᠢᠨ ᠤᠷᠤᠯᠳᠤᠭᠠᠨ ᠳᠤ ᠳᠥᠲᠥᠭᠡᠷ ᠲᠤ ᠣᠷᠣᠪᠠ᠃ ᠯᠢᠦ ᠽᠢ ᠰᠢᠨ ᠨᠠᠰᠤᠨ ᠳᠤ ᠬᠦᠷᠦᠭᠰᠡᠨ | ᠡᠮᠡᠭᠲᠡᠶ ᠶᠢᠨ ᠪᠦᠷᠢᠨ ᠴᠢᠳᠠᠪᠤᠷᠢ ᠶᠢᠨ ᠤᠷᠤᠯᠳᠤᠭᠠᠨ ᠳᠤ ᠳᠣᠯᠣᠳᠤᠭᠠᠷ ᠲᠤ ᠣᠷᠣᠪᠠ᠃ |