1᠎ ᠠᠴᠠ 3 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ ᠬᠤᠲᠠ ᠪᠠᠯᠭᠠᠰᠤ ᠶᠢᠨ 5.09 ᠲᠦᠮᠡᠨ ᠬᠥᠮᠦᠨ ᠳᠤ ᠰᠢᠨ᠎ᠡ ᠪᠠᠷ ᠠᠵᠢᠯ ᠤᠯᠭᠤᠪᠠ
ᠨᠡᠶᠢᠲᠡᠯᠡᠭᠰᠡᠨ ᠴᠠᠭ᠄
2017/5/24
      ᠡᠨᠡ ᠵᠢᠯ ᠤᠨ 1 ᠳ᠋ᠤᠭᠡᠷ ᠰᠠᠷ᠎ᠠ ᠠᠴᠠ 3 ᠳ᠋ᠤᠭᠠᠷ ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠲᠠ ᠪᠠᠯᠭᠠᠰᠤ ᠶᠢᠨ ᠨᠡᠶᠢᠲᠡ 5.09 ᠲᠦᠮᠡᠨ ᠬᠥᠮᠦᠨ ᠳᠤ ᠰᠢᠨ᠎ᠡ ᠪᠠᠷ ᠠᠵᠢᠯ ᠤᠯᠭᠤᠵᠤ᠂ ᠣᠨ ᠤ ᠲᠥᠯᠥᠪᠯᠡᠭᠡ ᠶᠢᠨ 20.35%᠎ ᠶᠢ ᠪᠡᠶᠡᠯᠡᠬᠦᠯᠪᠡ᠂ ᠬᠤᠳᠠ ᠪᠠᠯᠭᠠᠰᠤ ᠶᠢᠨ ᠠᠵᠢᠯ ᠠᠯᠳᠠᠭᠰᠠᠨ 1.13 ᠲᠦᠮᠡᠨ ᠬᠦᠮᠦᠨ ᠳᠤ ᠲᠠᠬᠢᠨ ᠠᠵᠢᠯ ᠤᠯᠭᠤᠵᠤ᠂ ᠣᠨ ᠤ ᠲᠥᠯᠥᠪᠯᠡᠭᠡ ᠶᠢᠨ 22.68%᠎ ᠶᠢ ᠪᠡᠶᠡᠯᠡᠬᠦᠯᠪᠡ᠂ ᠠᠵᠢᠯ ᠤᠯᠬᠤ ᠳᠤ ᠬᠦᠴᠢᠷᠲᠡᠶ 1.06 ᠲᠦᠮᠡᠨ ᠬᠥᠮᠦᠨ ᠳᠤ ᠠᠵᠢᠯ ᠤᠯᠭᠤᠵᠤ᠂ ᠣᠨ ᠤ ᠲᠥᠯᠥᠪᠯᠡᠭᠡ ᠶᠢᠨ 21.12%᠎ ᠢ ᠪᠡᠶᠡᠯᠡᠬᠦᠯᠦᠭᠰᠡᠨ ᠪᠠᠶᠢᠨ᠎ᠠ᠃ ᠪᠦᠬᠦ ᠣᠷᠣᠨ ᠤ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.64% ᠪᠠᠶᠢᠵᠤ᠂  ᠵᠢᠯ ᠤᠨ ᠡᠬᠢᠨ ᠳᠤ ᠲᠣᠭᠲᠠᠭᠠᠭᠰᠠᠨ 4.0%᠎ ᠤᠨ ᠬᠠᠷᠠᠯᠲᠠ ᠠᠴᠠ ᠳᠣᠣᠷ᠎ᠠ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠣᠷᠣᠨ ᠤ ᠬᠤᠲᠠ ᠪᠠᠯᠭᠠᠰᠤ ᠶᠢᠨ ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠨᠡᠶᠢᠲᠡ 1.79 ᠲᠦᠮᠡᠨ ᠬᠦᠮᠦᠨ ᠤᠷᠤᠯᠴᠠᠭᠤᠯᠵᠤ᠂ ᠣᠨ ᠤ ᠲᠥᠯᠥᠪᠯᠡᠭᠡ ᠶᠢᠨ 13.75%᠎ ᠶᠢ ᠪᠡᠶᠡᠯᠡᠭᠦᠯᠪᠡ︔ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠨᠡᠶᠢᠲᠡ 0.68 ᠲᠦᠮᠡᠨ ᠬᠥᠮᠦᠨ ᠤᠷᠤᠯᠴᠠᠭᠤᠯᠪᠠ᠂ ᠡᠭᠦᠨ ᠳᠤ ᠪᠣᠯᠪᠠᠰᠤᠷᠠᠭᠤᠯᠤᠯ ᠤᠨ ᠳᠠᠷᠠᠭ᠎ᠠ ᠠᠳᠠᠯ ᠦᠢᠯᠡᠰ ᠴᠤᠭᠴᠠᠯᠠᠨ ᠠᠮᠵᠢᠯᠲᠠ ᠣᠯᠤᠭᠰᠠᠨ ᠬᠥᠮᠦᠨ 0.51 ᠲᠦᠮᠡ᠂ ᠠᠳᠠᠯ ᠦᠢᠯᠡᠰ ᠴᠣᠭᠴᠠᠯᠠᠬᠤ ᠪᠠᠷ ᠠᠵᠢᠯ ᠤᠯᠭᠤᠯᠲᠠ ᠶᠢ ᠳᠠᠶᠢᠴᠢᠯᠠᠭᠰᠠᠨ ᠠᠵᠢᠯ ᠤᠨ ᠪᠠᠶᠢᠷᠢ ᠳᠤ 1.56 ᠲᠦᠮᠡᠨ ᠬᠦᠮᠦᠨ ᠪᠠᠶᠢᠨ᠎ᠠ︔ ᠪᠦᠬᠦ ᠣᠷᠣᠨ ᠳᠤ ᠨᠡᠶᠢᠲᠡ 135.93 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠪᠠ᠂ ᠡᠭᠦᠨ ᠳᠤ᠄ 6 ᠰᠠᠷ᠎ᠠ ᠠᠴᠠ ᠳᠡᠭᠡᠭᠰᠢ ᠰᠢᠯᠵᠢᠭᠦᠯᠦᠭᠰᠡᠨ ᠨᠢ 91.52 ᠲᠦᠮᠡᠨ ᠬᠦᠮᠦᠨ ᠪᠠᠶᠢᠨ᠎ᠠ︔ ᠪᠦᠬᠦ ᠣᠷᠣᠨ ᠤ ᠳᠠᠩᠰᠠᠯᠠᠭᠤᠯᠤᠨ ᠨᠤᠲᠠᠯᠠᠭᠤᠯᠤᠭᠰᠠᠨ ︽ᠶᠠᠭ ᠠᠵᠢᠯ ᠤᠯᠤᠯᠲᠠ ᠦᠭᠡᠢ ᠭᠡᠷ ᠪᠦᠯᠢ︾  ᠨᠡᠶᠢᠲᠡ 176 ᠡᠷᠦᠬᠡ ᠪᠠᠶᠢᠵᠤ᠂ ᠡᠯ᠎ᠡ ᠵᠦᠢᠯ ᠤᠨ ᠠᠷᠭ᠎ᠠ ᠵᠠᠮ ᠢᠶᠠᠷ ᠪᠦᠬᠦ ᠭᠡᠷ ᠪᠦᠯᠢ ᠶᠢ ᠬᠠᠪᠰᠤᠷᠴᠤ ᠪᠠᠶᠢᠭᠠᠳ ᠲᠡᠭᠦᠨ ᠤ ᠳᠣᠲᠣᠷᠠᠬᠢ 180 ᠬᠥᠮᠦᠨ ᠳᠤ ᠠᠵᠢᠯ ᠤᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号