ᠡᠨᠡ ᠵᠢᠯ ᠤᠨ 1 — 4 ᠳ᠋ᠦ᠋ᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠬᠦ ᠲᠤᠭ᠎ᠠ 2000 ᠳ᠋ᠦᠩᠰᠢᠭᠤᠷ ᠲᠥᠭᠦᠷᠢᠭ ᠢ ᠳᠠᠪᠠᠵᠤ᠂ 2186.37 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠲᠦᠷᠭᠡᠳᠴᠦ᠂ ᠵᠢᠯ ᠤᠨ | ᠡᠬᠢᠨ ᠳᠤ ᠵᠢᠱᠢᠭᠰᠡᠨ ᠬᠠᠷᠠᠯᠲᠠ ᠳᠤ ᠣᠶᠢᠷᠠᠳᠪᠠ᠃ ᠡᠭᠦᠨ ᠳᠤ᠂ ᠬᠤᠳᠠ ᠪᠠᠯᠭᠠᠰᠤᠨ ᠤ ᠬᠡᠷᠡᠭᠯᠡᠭᠡ ᠶᠢᠨ ᠵᠠᠬ᠎ᠠ | ᠳᠡᠯᠭᠡᠭᠦᠷ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1974.76 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ︔ ᠬᠥᠳᠡᠭᠡ ᠲᠣᠰᠬᠤᠨ ᠤ | ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 211.61 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠪᠡ᠃ | ᠬᠡᠷᠡᠭᠯᠡᠭᠡ ᠶᠢᠨ ᠬᠡᠯᠪᠡᠷᠢ ᠠᠴᠠ ᠠᠪᠴᠤ ᠦᠵᠡᠪᠡᠯ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ᠨᠢ 338.59 ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 10.8% | ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠲᠠᠢ | ᠲᠡᠩᠴᠡᠪᠡ︔ ᠲᠠᠸᠠᠷ ᠵᠢᠵᠢᠭᠯᠡᠨ ᠬᠤᠳᠠᠯᠳᠤᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ 1847.78 | ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ᠃ ᠲᠠᠸᠠᠷ ᠤᠨ | ᠳᠦᠷᠦᠯ ᠬᠡᠮᠵᠢᠭᠳᠡᠯ ᠠᠴᠠ ᠠᠪᠴᠤ ᠦᠵᠡᠪᠡᠯ᠂ ᠠᠮᠤ ᠪᠤᠳᠠᠭ᠎ᠠ ᠢᠳᠡᠰᠢᠨ ᠳᠤᠰᠤ᠂ ᠢᠳᠡᠭᠡᠨ᠂ ᠠᠷᠢᠬᠢ ᠲᠠᠮᠠᠬᠢ ᠶᠢᠨ | ᠲᠦᠷᠦᠯ ᠤᠨ ᠲᠠᠸᠠᠷ ᠢ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 12.2% | ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠦᠷᠦᠯ ᠤᠨ ᠲᠠᠸᠠᠷ ᠢ ᠵᠢᠵᠢᠭᠯᠡᠨ ᠬᠤᠳᠠᠯᠳᠤᠭᠰᠠᠨ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ ᠭᠡᠷ ᠤᠨ ᠴᠠᠬᠢᠯᠭᠠᠨ ᠬᠡᠷᠡᠭᠰᠡᠯ ᠵᠢᠴᠢ ᠬᠦᠩᠬᠢᠨᠡᠬᠦᠷ ᠤᠨ | ᠬᠡᠷᠡᠭᠰᠡᠯ ᠤᠨ ᠲᠦᠷᠦᠯ ᠤᠨ ᠲᠠᠸᠠᠷ ᠢ ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ | 8.1% ᠨᠡᠮᠡᠭᠳᠡᠵᠦ᠂ ᠴᠢᠯᠠᠭᠤᠨ ᠲᠣᠰᠣ ᠵᠢᠴᠢ ᠲᠡᠭᠦᠨ ᠤ ᠪᠦᠲᠦᠭᠡᠭᠳᠡᠬᠦᠨ ᠤ ᠵᠢᠵᠢᠭᠯᠡᠨ ᠬᠤᠳᠠᠯᠳᠤᠭᠰᠠᠨ | ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠵᠦ᠂ ᠮᠠᠰᠢᠨ ᠲᠡᠷᠭᠡᠨ ᠤ ᠲᠦᠷᠦᠯ ᠤᠨ ᠲᠠᠸᠠᠷ ᠢ | ᠵᠢᠵᠢᠭᠯᠡᠨ ᠬᠤᠳᠠᠯᠳᠤᠭᠰᠠᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 6.2%ᠨᠡᠮᠡᠭᠳᠡᠪᠡ᠃ |