ᠥᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2017/5/24
     5 ᠳ᠋ᠤᠭᠠᠷ ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠬᠦᠬᠡᠬᠤᠳᠠ ᠳᠤ ᠠᠩᠬᠠᠳᠤᠭᠠᠷ ᠪᠦᠭᠦᠳᠡ ᠬᠤᠷᠠᠯ ᠬᠢᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 63 ᠬᠦᠮᠦᠨ ᠪᠣᠢ᠂ 51 ᠬᠦᠮᠦᠨ ᠨᠢ ᠲᠤᠰ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠸᠡᠭ ᠤᠨ ᠨᠠᠶᠢᠳᠠᠯᠭ᠎ᠠ ᠪᠠᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠲᠡᠷᠢᠭᠦᠯᠡᠭᠴᠢ ᠬᠤᠷᠴᠡ ᠠᠩᠬᠠᠳᠤᠭᠠᠷ ᠪᠦᠭᠦᠳᠡ ᠬᠤᠷᠠᠯ ᠢ ᠡᠷᠬᠢᠯᠡᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠎ ᠳᠤ ᠽᠢ᠂ ᠨᠠᠰᠤᠨᠮᠦ᠋ᠡᠭᠭᠡ᠂ ᠸᠠᠩ ᠢᠤᠢ ᠮᠢᠩ᠂ ᠬᠠᠨᠭ᠌ ᠬᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠪᠠ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ᠂ ᠡᠨᠡ ᠣᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠨᠨ ᠤ ᠲᠠᠷᠠᠭ᠎ᠠ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠵᠠᠩ ᠮᠢᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠲᠦᠷᠢᠮ ︵ᠵᠠᠰᠠᠪᠤᠷᠢ ᠤᠷᠤᠭᠤᠯᠤᠬᠰᠠᠨ ᠲᠦᠰᠦᠯ︶︾᠎ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠢᠤᠢ ᠬᠦᠭᠡ ᠶᠢᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠷᠢᠮ ︵ᠲᠦᠰᠦᠯ︶︾᠎ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ ᠶᠢ ᠰᠤᠨᠤᠰᠪᠠ᠃      ᠬᠤᠷᠠᠯ ᠠᠴᠠ ᠪᠠᠰᠠ ᠤᠯᠠᠭᠠᠨᠬᠠᠳᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠳᠡᠭᠡᠵᠢ ᠶᠢᠨ ᠬᠢᠭᠰᠡᠨ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠭᠦ ᠶᠢ ᠵᠤᠬᠰᠤᠭᠠᠵᠦ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠲᠦᠷᠢᠮ︾᠎ ᠤᠨ ᠲᠤᠬᠠᠢ ᠲᠤᠳᠤᠷᠬᠠᠶᠢᠯᠠᠯᠳᠠ᠂ ᠤᠯᠠᠭᠠᠨᠴᠠᠪ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᡁᠢ ᠴᠢᠶᠠᠩ ᠤᠨ ᠬᠢᠭᠰᠡᠨ ︽ᠤᠯᠠᠭᠠᠨᠴᠠᠪ ᠬᠤᠳᠠ ᠶᠢᠨ ᠬᠤᠳᠠ ᠬᠦᠳᠡᠭᠡ ᠶᠢᠨ ᠲᠦᠯᠦᠪᠵᠢᠭᠦᠯᠭᠡ ᠬᠠᠮᠢᠶᠠᠷᠤᠯᠳᠠ ᠶᠢᠨ ᠲᠦᠷᠢᠮ︾᠎ ᠤᠨ ᠲᠤᠬᠠᠢ ᠲᠤᠳᠤᠷᠬᠠᠶᠢᠯᠠᠯᠳᠠ︔ ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠲᠤ ᠸᠧᠨ ᠰᠢᠶᠤᠤ ᠶᠢᠨ ᠬᠢᠭᠰᠡᠨ ︽ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ ᠴᠠᠬ ᠠᠭᠤᠷ ᠤᠨ ᠭᠠᠮᠰᠢᠭ ᠢ ᠰᠡᠷᠭᠡᠶᠢᠯᠡᠭᠦ ᠲᠦᠷᠢᠮ︾᠎ ᠤᠨ ᠲᠤᠬᠠᠢ ᠲᠤᠳᠤᠷᠬᠠᠶᠢᠯᠠᠯᠳᠠ᠂ ᠡᠸᠠᠩᠭᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠎ ᠲᠤ ᠬᠤᠨᠭ᠌ ᠸᠧᠨ ᠤ ᠬᠢᠭᠰᠡᠨ ︽ᠡᠸᠡᠩᠭᠢ ᠦᠨᠳᠦᠰᠦᠳᠡᠨ ᠤ ᠦᠪᠡᠷᠳᠡᠭᠡᠨ ᠵᠠᠰᠬᠠᠤ ᠬᠤᠰᠢᠭᠤ ᠶᠢᠨ ᠨᠤᠭᠤ ᠭᠠᠵᠠᠷ ᠎ ᠤᠨ ᠬᠠᠮᠠᠭᠠᠯᠠᠯᠳᠠ ᠶᠢᠨ ᠲᠦᠷᠢᠮ︾᠎ ᠤᠨ ᠲᠤᠬᠠᠢ ᠲᠤᠳᠤᠷᠬᠠᠶᠢᠯᠠᠯᠳᠠ ᠶᠢ ᠰᠤᠨᠤᠰᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号