5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠶᠣᠰᠣᠯᠠᠯ ᠵᠢᠴᠢ | ᠲᠠᠨᠢᠯᠴᠠᠭᠤᠯᠬᠤ ᠬᠤᠷᠠᠯ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ ᠶᠠᠪᠤᠭᠳᠠᠵᠤ᠂ ᠥᠪᠥᠷ | ᠮᠣᠩᠭᠤᠯ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ | ᠭᠠᠵᠠᠷ ᠲᠤ ᠠᠩᠬ᠎ᠠ ᠤᠳᠠᠭ᠎ᠠ ᠠᠮᠵᠢᠯᠲᠠ ᠲᠠᠢ ᠪᠠᠷ ᠲᠠᠷᠬᠠᠭᠠᠭᠳᠠᠵᠤ᠂ 211.5 ᠳ᠋ᠦᠩᠰᠢᠭᠤᠷ ᠲᠥᠭᠦᠷᠢᠭ | ᠲᠠᠷᠬᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠲᠠᠷᠬᠠᠭᠠᠬᠤ ᠶᠣᠰᠣᠯᠠᠯ | ᠳᠡᠭᠡᠷ᠎ᠡ ᠪᠠᠶᠠᠷ ᠤᠨ ᠦᠭᠡ ᠬᠡᠯᠡᠵᠡᠶ᠃ | ᠵᠠᠩ ᠵᠢᠶᠠᠨ ᠮᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠡᠮᠦᠨ᠎ᠡ ᠠᠴᠠ ᠲᠤᠰ | ᠤᠳᠠᠭᠠᠨ ᠤ ᠲᠠᠷᠬᠠᠭᠠᠯᠲᠠ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠱᠠᠩᠬᠠᠶ ᠶᠢᠨ ᠦᠨᠡᠲᠦ ᠲᠡᠮᠳᠡᠭᠲᠦ | ᠠᠷᠠᠯᠵᠢᠶᠠᠯᠠᠬᠤ ᠭᠠᠵᠠᠷ ᠲᠤ ᠲᠠᠯᠠᠷᠬᠠᠵᠤ ᠪᠠᠶᠢᠬᠤ ᠪᠠᠨ ᠢᠯᠡᠷᠬᠡᠶᠢᠯᠡᠵᠦ᠂ ᠳᠠᠭᠠᠭᠠᠴᠢᠯᠠᠯᠲᠠ ᠤᠯᠤᠭᠰᠠᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠤ ᠪᠠᠶᠠᠷ ᠬᠦᠷᠭᠡᠪᠡ᠃ ᠲᠡᠷᠡ ᠵᠢᠭᠠᠭᠰᠠᠨ ᠨᠢ᠂ 2015 ᠣᠨ ᠠᠴᠠ ᠨᠠᠰᠢ᠂ ᠮᠠᠨ ᠤ | ᠣᠷᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 4312.9 | ᠳ᠋ᠦᠩᠰᠢᠭᠤᠷ ᠲᠦᠬᠦᠷᠢᠭ ᠲᠠᠷᠬᠠᠭᠠᠪᠠ᠃ ᠵᠠᠰᠠᠭ ᠤᠨ ᠣᠷᠳᠣᠨ ᠤ ᠵᠢᠷᠤᠮᠵᠢᠯ ᠲᠠᠢ ᠪᠠᠷ ᠵᠢᠭᠡᠯᠡᠯᠭᠡ ᠪᠠᠷ ᠳᠠᠮᠵᠢᠭᠤᠯᠤᠨ᠂ | ᠪᠦᠲᠦᠮᠵᠢᠲᠡᠶ ᠪᠡᠯᠡ ᠣᠷᠣᠭᠤᠯᠤᠯᠲᠠ ᠶᠢ ᠪᠠᠲᠤᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠤᠭᠰᠠᠨ ᠪᠠᠶᠢᠨ᠎ᠠ᠃ ᠲᠤᠰ ᠤᠳᠠᠭ᠎ᠠ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ | ᠲᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠭᠰᠠᠨ ᠨᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠠᠷᠭ᠎ᠠ ᠵᠠᠮ ᠢ ᠦᠷᠭᠡᠳᠬᠡᠨ᠂ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢᠨ ᠤᠯᠠᠨ ᠡᠰᠢᠵᠢᠯᠳᠡ ᠶᠢ | ᠪᠡᠶᠡᠯᠡᠭᠦᠯᠦᠭᠰᠡᠨ ᠮᠦᠷᠲᠡᠭᠡᠨ ᠪᠠᠰᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠣᠭᠤᠯᠤᠯᠲᠠ ᠶᠢᠨ | ᠦᠢᠯᠡᠳᠬᠦᠨ ᠢ ᠪᠠᠶᠠᠯᠢᠭᠵᠢᠭᠤᠯᠵᠤ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ | ᠠᠷᠠᠯᠵᠢᠶᠠᠨ ᠤ ᠲᠠᠪᠴᠠᠩ ᠭᠤᠷᠪᠠᠨ ᠲᠠᠯ᠎ᠠ ᠶᠢᠨ ᠬᠠᠮᠲᠤᠷᠠᠨ ᠠᠵᠢᠯᠯᠠᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠪᠠ᠃ | ᠵᠠᠩ ᠵᠢᠶᠠᠨ ᠮᠢᠨ ᠬᠡᠯᠡᠭᠰᠡᠨ ᠨᠢ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ | ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠳᠠᠪᠠᠭᠤᠯᠢᠭ ᠪᠠᠶᠢᠵᠤ᠂ ᠪᠡᠯᠡ ᠣᠷᠣᠭᠤᠯᠤᠨ ᠦᠢᠯᠡᠰ ᠪᠤᠰᠬᠠᠬᠤ᠂ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠡᠷᠳᠡᠨᠢ ᠶᠢᠨ ᠭᠠᠵᠠᠷ ᠪᠤᠯᠤᠨ᠎ᠠ᠃ ᠱᠠᠩᠬᠠᠶ ᠶᠢᠨ ᠦᠨᠡᠲᠦ | ᠲᠡᠮᠳᠡᠭᠲᠦ ᠠᠷᠠᠯᠵᠢᠶᠠᠯᠠᠬᠤ ᠭᠠᠵᠠᠷ ᠨᠢ ᠦᠪᠦᠷ ᠮᠤᠩᠭᠤᠯ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠵᠠᠭᠤᠯᠴᠢᠯᠠᠭᠤᠷ᠂ | ᠲᠠᠪᠴᠠᠩ ᠬᠠᠩᠭᠠᠵᠤ᠂ ᠠᠵᠠ ᠲᠣᠬᠢᠶᠠᠯ ᠤᠯᠭᠤᠨ᠂ ᠥᠪᠥᠷ ᠮᠣᠩᠭᠤᠯ ᠤᠨ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠲᠣᠭᠲᠠᠭᠤᠨ ᠢᠶᠠᠷ ᠤᠷᠤᠭᠰᠢ ᠬᠦᠭᠵᠢᠬᠦ ᠶᠢ | ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠥᠪᠥᠷ | ᠮᠣᠩᠭᠤᠯ ᠢ ᠦᠷᠬᠦᠯᠵᠢᠯᠡᠨ ᠪᠡᠯᠡ ᠣᠷᠣᠭᠤᠯᠤᠨ ᠬᠥᠭᠵᠢᠭᠦᠯᠬᠦ ᠴᠢᠬᠤᠯᠠ ᠬᠠᠷᠠᠯᠲᠠᠲᠤ ᠭᠠᠵᠠᠷ ᠢᠶᠠᠨ ᠪᠤᠯᠭᠠᠵᠤ᠂ ᠨᠡᠩ | ᠤᠯᠡᠨ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠢ ᠥᠪᠥᠷ ᠮᠣᠩᠭᠤᠯ ᠳᠤ ᠢᠷᠡᠭᠦᠯᠵᠦ᠂ ᠥᠪᠥᠷ ᠮᠣᠩᠭᠤᠯ ᠳᠤ | ᠦᠯᠡᠳᠡᠭᠡᠵᠦ᠂ ᠥᠪᠥᠷ ᠮᠣᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠲᠠᠢ ᠬᠠᠮᠲᠤ ᠪᠠᠷ ᠡᠬᠡ ᠤᠯᠤᠰ ᠤᠨ | ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃ | ᠬᠤᠷᠠᠯ ᠠᠴᠠ ᠡᠮᠦᠨ᠎ᠡ᠂ ᠵᠠᠩ ᠵᠢᠶᠠᠨ ᠮᠢᠨ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ | ᠶᠡᠷᠦᠩᠬᠡᠶ ᠳᠠᠭᠠᠭᠠᠮᠠᠯ ᠬᠤᠸᠠᠩ ᠬᠤᠩ ᠶᠤᠸᠠᠨ ᠲᠠᠢ ᠠᠭᠤᠯᠵᠠᠭᠰᠠᠨ ᠪᠦᠭᠡᠳ ᠱᠠᠩᠬᠠᠶ ᠶᠢᠨ ᠦᠨᠡᠲᠦ ᠲᠡᠮᠳᠡᠭᠲᠦ | ᠠᠷᠠᠯᠵᠢᠶᠠᠯᠠᠬᠤ ᠭᠠᠵᠠᠷ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠦᠵᠡᠭᠦᠯᠦᠯᠭᠡ ᠶᠢᠨ ᠭᠡᠷ ᠤᠨ ᠠᠬᠤᠢ ᠲᠠᠯᠠᠪᠠᠢ ᠳᠤ | ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠠᠶᠢᠭ᠎ᠠ ᠪᠠᠶᠢᠳᠠᠯ ᠢ ᠲᠣᠭᠤᠷᠢᠨ ᠦᠵᠡᠪᠡ᠃ |