ᠥᠪᠥᠷ ᠮᠣᠩᠭᠤᠯ ᠠᠩᠬ᠎ᠠ ᠤᠳᠠᠭ᠎ᠠ ᠳᠡᠭᠡᠳᠦ ᠬᠤᠷᠳᠤᠴᠠᠲᠤ ᠵᠠᠰᠠᠮᠠᠯ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠠᠮᠲᠤᠷᠠᠭᠰᠠᠨ ᠰᠣᠷᠢᠯᠲᠠ ᠬᠢᠪᠡ
ᠨᠡᠶᠢᠲᠡᠯᠡᠭᠰᠡᠨ ᠴᠠᠭ᠄
2017/5/25
     5 ᠳ᠋ᠤᠭᠠᠷ ᠰᠠᠷ᠎ᠠ ᠶᠢᠨ 24᠎ ᠤ ᠡᠳᠦᠷ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠪᠤᠷᠢ ᠠᠩᠬᠢ᠂ ᠵᠦᠸᠧᠽᠢ ᠭᠠᠯ ᠤᠨᠲᠠᠷᠠᠭᠠᠬᠤ ᠳᠤᠮᠳᠠ ᠠᠩᠬᠢ᠂ ᠲᠤᠰᠬᠠᠶ ᠦᠢᠯᠡᠴᠢᠯᠡᠭᠡᠨ ᠤ ᠭᠠᠯ ᠤᠨᠲᠠᠷᠠᠭᠠᠬᠤ ᠳᠤᠮᠳᠠ ᠠᠩᠬᠢ ᠳᠡᠭᠡᠳᠦ ᠬᠤᠷᠳᠤᠴᠠᠲᠤ ᠵᠠᠰᠠᠮᠠᠯ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠠᠮᠲᠤᠷᠠᠭᠰᠠᠨ ᠰᠣᠷᠢᠯᠲᠠ ᠬᠢᠪᠡ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠰᠣᠷᠢᠯᠲᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠴᠠᠭᠳᠠᠭ᠎ᠠ ᠶᠢᠨ ᠶᠠᠪᠤᠳᠠᠯ ᠤᠨ ᠬᠠᠮᠵᠢᠯᠴᠠᠭᠠᠨ ᠤ ᠠᠩᠬ᠎ᠠ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠭᠠᠯ ᠤᠨᠲᠠᠷᠠᠭᠠᠬᠤ ᠶᠡᠷᠦᠩᠬᠡᠶ ᠠᠩᠭᠢ ᠶᠢᠨ ᠴᠠᠭᠳᠠᠭ᠎ᠠ ᠶᠢᠨ ᠶᠠᠪᠤᠳᠠᠯ ᠤᠨ ᠬᠠᠮᠵᠢᠯᠴᠠᠭᠠᠨ ᠤ ᠪᠦᠳᠦᠭᠦᠪᠴᠢ ᠵᠦᠪᠳᠡᠯᠴᠡᠭᠡᠷ︾᠎ ᠢ ᠦᠨᠳᠦᠰᠦᠯᠡᠨ᠂ ᠤᠯᠠᠨᠲᠠ ᠨᠡᠪᠲᠡᠷᠡᠯᠴᠡᠵᠦ ᠰᠤᠯᠢᠯᠴᠠᠬᠤ ᠪᠠᠷ ᠳᠠᠮᠵᠢᠭᠤᠯᠤᠨ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠳᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠬᠤ᠂ ᠰᠢᠶᠳᠪᠦᠷᠢᠯᠡᠬᠦ ᠳᠡᠰ ᠳᠠᠷᠠᠭᠠᠯᠠᠯ ᠢ ᠰᠢᠯᠢᠳᠡᠭᠵᠢᠭᠦᠯᠬᠦ᠂ ᠪᠠᠶᠢᠯᠳᠤᠭᠠᠨ ᠤ ᠦᠢᠯᠡᠴᠢᠯᠡᠭᠡ ᠶᠢᠨ ᠪᠠᠲᠤᠯᠠᠭ᠎ᠠ ᠶᠢ ᠳᠡᠭᠡᠭᠰᠢᠯᠡᠭᠦᠯᠬᠦ ᠪᠠᠷ ᠭᠠᠷᠳᠠᠴᠠ ᠪᠤᠯᠭᠠᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠨᠢᠭᠡ ᠤᠳᠠᠭᠠᠨ ᠤ ᠳᠡᠭᠡᠳᠦ ᠬᠤᠷᠳᠤᠴᠠᠲᠤ ᠵᠠᠰᠠᠮᠠᠯ ᠵᠠᠮ ᠤᠨ ᠨᠦᠬᠡᠨ ᠵᠠᠮ ᠤᠨ ᠠᠪᠤᠷᠠᠨ ᠲᠤᠰᠠᠯᠠᠬᠤ ᠳᠤ ᠴᠢᠭᠯᠡᠭᠦᠯᠦᠭᠰᠡᠨ ᠣᠯᠠᠨ ᠰᠠᠯᠠᠭ᠎ᠠ ᠮᠥᠴᠢᠷ ᠬᠠᠮᠵᠢᠯᠴᠠᠨ ᠪᠠᠶᠢᠯᠳᠤᠬᠤ ᠪᠣᠳᠠᠲᠤ ᠪᠠᠶᠢᠯᠳᠤᠭᠠᠨ ᠤ ᠳᠠᠶᠢᠴᠢᠯᠠᠯᠲᠠ ᠶᠢᠨ ᠰᠤᠷᠢᠯᠲᠠ ᠪᠤᠯᠵᠤ᠂ ᠡᠯ᠎ᠡ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠵᠦ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠭᠰᠠᠨ ᠪᠠᠶᠢᠨ᠎ᠠ᠃ ᠰᠣᠷᠢᠯᠲᠠ ᠨᠢ ᠳᠣᠲᠣᠭᠠᠳᠤ ᠶᠢ ᠬᠠᠮᠠᠭᠠᠯᠠᠬᠤ ᠶᠠᠮᠤᠨ ᠤ ᠭᠠᠯ ᠤᠨᠲᠠᠷᠠᠭᠠᠬᠤ ᠲᠣᠪᠴᠢᠶ᠎ᠠ ᠶᠢᠨ ᠪᠣᠳᠠᠲᠤ ᠳᠠᠶᠢᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠣᠷᠣᠨ ᠤ ᠪᠠᠨ ᠭᠠᠵᠠᠷ ᠣᠷᠣᠨ ᠤ ᠤᠨᠴᠠᠯᠢᠭ ᠢᠶᠠᠷ ᠯᠠᠪᠯᠠᠯᠲᠠ ᠪᠣᠯᠭᠠᠵᠤ᠂ ᠬᠡᠷᠡᠭ ᠤᠨ ᠲᠠᠯᠠᠪᠠᠢ ᠳᠤ ᠡᠭᠦᠷᠭᠡ ᠳᠠᠭᠠᠭᠠᠯᠭᠠᠵᠤ᠂ ᠠᠬᠤᠢ ᠪᠠᠶᠢᠳᠠᠯ ᠢᠶᠠᠷ ᠭᠠᠮᠰᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠵᠦ᠂ ᠳᠡᠭᠡᠳᠦ ᠬᠤᠷᠳᠤᠴᠠᠲᠤ ᠵᠠᠰᠠᠮᠠᠯ ᠵᠠᠮ ᠤᠨ ᠠᠭᠤᠷ ᠠᠮᠢᠰᠬᠤᠯ ᠮᠠᠭᠤᠳᠠᠬᠤ᠂ ᠵᠠᠮ ᠬᠠᠷᠢᠯᠴᠠᠭᠠᠨ ᠤ ᠠᠳᠡᠯ ᠭᠠᠷᠬᠤ ᠵᠡᠷᠭᠡ ᠭᠡᠨᠡᠳᠲᠡ ᠡᠭᠦᠰᠦᠭᠰᠡᠨ ᠬᠡᠷᠡᠭ ᠢ ᠲᠦᠷᠭᠡᠨ ᠰᠢᠶᠳᠪᠦᠷᠢᠯᠡᠬᠦ᠂ ᠰᠠᠯᠠᠭ᠎ᠠ ᠮᠥᠴᠢᠷ ᠬᠤᠭᠤᠷᠣᠨᠳᠣ ᠪᠠᠨ ᠵᠤᠬᠢᠴᠠᠯᠳᠤᠬᠤ᠂ ᠲᠣᠬᠢᠷᠠᠭᠤᠯᠬᠤ ᠠᠯᠬᠤᠮ ᠳᠠᠷᠠᠭ᠎ᠠ᠂ ᠵᠡᠪᠰᠡᠭ ᠲᠣᠨᠣᠭᠯᠠᠯ ᠤᠨ ᠦᠵᠡᠭᠦᠯᠦᠯᠭᠡ ᠵᠡᠷᠭᠡ ᠳᠤ ᠪᠣᠳᠠᠲᠤ ᠳᠠᠶᠢᠨ ᠤ ᠰᠢᠯᠭᠠᠨ ᠪᠠᠶᠢᠴᠠᠭᠠᠯᠲᠠ ᠬᠢᠭᠰᠡᠨ ᠢᠶᠠᠷ ᠳᠡᠭᠡᠳᠦ ᠬᠤᠷᠳᠤᠴᠠᠲᠤ ᠵᠠᠰᠠᠮᠠᠯ ᠵᠠᠮ ᠤᠨ ᠭᠡᠨᠡᠳᠲᠡ ᠡᠭᠦᠰᠦᠭᠰᠡᠨ ᠭᠠᠶ ᠭᠠᠮᠰᠢᠭ ᠤᠨ ᠠᠳᠡᠯ ᠢ ᠰᠢᠶᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠪᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号