ᠡᠨᠡ ᠵᠢᠯ ᠤᠨ 1— 4 ᠳ᠋ᠦ᠋ᠭᠡᠷ ᠰᠠᠷ᠎ᠠ ᠳᠤ᠂ ᠪᠥᠬᠦ ᠣᠷᠣᠨ ᠬᠤᠲᠠ ᠪᠠᠯᠭᠠᠰᠤᠨ ᠤ 7.96 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠦ᠂ ᠣᠨ ᠤ ᠲᠥᠯᠥᠪᠯᠡᠭᠡ ᠶᠢᠨ 31.84% ᠶᠢ ᠪᠡᠶᠡᠯᠡᠭᠦᠯᠪᠡ︔ ᠬᠤᠳᠠ | ᠪᠠᠯᠭᠠᠰᠤᠨ ᠤ ᠠᠵᠢᠯ ᠠᠯᠳᠠᠭᠰᠠᠨ 1.82 ᠲᠦᠮᠡᠨ ᠬᠥᠮᠦᠨ ᠳᠤ ᠲᠠᠬᠢᠨ ᠠᠵᠢᠯ ᠣᠯᠭᠤᠵᠤ᠂ ᠣᠨ ᠤ | ᠲᠥᠯᠥᠪᠯᠡᠭᠡ ᠶᠢᠨ 36.34% ᠶᠢ ᠪᠡᠶᠡᠯᠡᠭᠦᠯᠪᠡ︔ ᠠᠵᠢᠯ ᠤᠯᠬᠤ ᠳᠤ ᠬᠦᠴᠢᠷᠲᠡᠶ 1.44 ᠲᠦᠮᠡᠨ ᠬᠥᠮᠦᠨ ᠳᠤ | ᠠᠵᠢᠯ ᠣᠯᠭᠤᠵᠤ᠂ ᠣᠨ ᠤ ᠲᠥᠯᠥᠪᠯᠡᠭᠡ ᠶᠢᠨ 28.89% ᠶᠢ ᠪᠡᠶᠡᠯᠡᠭᠦᠯᠪᠡ᠃ ᠪᠦᠬᠦ ᠣᠷᠣᠨ ᠤ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.64% ᠪᠠᠶᠢᠵᠤ᠂ ᠵᠢᠯ ᠤᠨ ᠡᠬᠢᠨ ᠳᠤ | ᠲᠣᠭᠲᠠᠭᠠᠭᠰᠠᠨ 4.0% ᠤᠨ ᠬᠠᠷᠠᠯᠲᠠ ᠠᠴᠠ ᠳᠣᠣᠷ᠎ᠠ ᠪᠣᠯᠪᠠ᠃ 1— 4 ᠳ᠋ᠦ᠋ᠭᠡᠷ ᠰᠠᠷ᠎ᠠ ᠳᠤ᠂ ᠮᠠᠨ ᠤ | ᠣᠷᠣᠨ ᠤ ᠬᠤᠲᠠ ᠪᠠᠯᠭᠠᠰᠤᠨ ᠤ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠨᠡᠶᠢᠲᠡ 2. | 87 ᠲᠦᠮᠡᠨ ᠬᠥᠮᠦᠨ ᠣᠷᠣᠯᠴᠠᠭᠤᠯᠵᠤ᠂ ᠣᠨ ᠤ ᠲᠥᠯᠥᠪᠯᠡᠭᠡ ᠶᠢᠨ 22.06% ᠶᠢ ᠪᠡᠶᠡᠯᠡᠭᠦᠯᠪᠡ︔ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠨᠡᠶᠢᠲᠡ 1.25 ᠲᠦᠮᠡᠨ ᠬᠥᠮᠥᠨ ᠣᠷᠣᠯᠴᠠᠭᠤᠯᠪᠠ᠂ ᠡᠭᠦᠨ ᠳᠤ | ᠪᠣᠯᠪᠠᠰᠤᠷᠠᠭᠤᠯᠤᠯ ᠤᠨ ᠳᠠᠷᠠᠭ᠎ᠠ ᠠᠳᠠᠯ ᠦᠢᠯᠡᠰ ᠴᠣᠭᠴᠠᠯᠠᠨ ᠠᠮᠵᠢᠯᠲᠠ ᠣᠯᠣᠭᠰᠠᠨ ᠬᠥᠮᠦᠨ 0.84 ᠲᠦᠮᠨ᠂ | ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠠᠵᠢᠯ ᠤᠨ ᠪᠠᠶᠢᠷᠢ 2.63 ᠲᠦᠮᠡᠨ | ᠬᠥᠮᠥᠨ ᠪᠠᠶᠢᠨ᠎ᠠ︔ 170.47 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠡ᠂ ᠡᠭᠦᠨ ᠳᠤ 6 | ᠰᠠᠷ᠎ᠠ ᠠᠴᠠ ᠳᠡᠭᠡᠭᠰᠢ ᠰᠢᠯᠵᠢᠭᠦᠯᠦᠭᠰᠡᠨ ᠨᠢ 111.22 ᠲᠦᠮᠡᠨ ᠬᠥᠮᠦᠨ ᠪᠠᠶᠢᠨ᠎ᠠ︔ ᠳᠠᠩᠰᠠᠯᠠᠭᠤᠯᠤᠨ | ᠨᠤᠲᠠᠯᠠᠭᠤᠯᠤᠭᠰᠠᠨ ︽ᠶᠠᠭ ᠠᠵᠢᠯ ᠣᠯᠭᠤᠯᠲᠠ ᠦᠭᠡᠢ ᠭᠡᠷ ᠪᠦᠯᠢ︾ ᠨᠡᠶᠢᠲᠡ 187 ᠡᠷᠦᠬᠡ ᠪᠠᠶᠢᠵᠤ᠂ ᠡᠯ᠎ᠡ | ᠵᠦᠢᠯ ᠤᠨ ᠠᠷᠭ᠎ᠠ ᠵᠠᠮ ᠢᠶᠠᠷ ᠬᠠᠪᠰᠤᠷᠴᠤ ᠪᠠᠶᠢᠭᠠᠳ ᠪᠦᠬᠦ ᠭᠡᠷ ᠪᠦᠯᠢ ᠶᠢᠨ ᠳᠣᠲᠣᠷᠠᠬᠢ 195 ᠬᠥᠮᠦᠨ ᠳᠤ ᠠᠵᠢᠯ | ᠣᠯᠭᠤᠪᠡ︔ ᠨᠡᠶᠢᠲᠡ 3.67 ᠲᠦᠮᠡᠨ ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠭᠰᠠᠨ ᠪᠤᠶᠤ ᠠᠵᠢᠯ ᠣᠯᠭᠤᠬᠤ ᠬᠠᠨᠳᠤᠰᠢ ᠶᠢ ᠨᠢ ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠶᠢᠨ 28. | 27% ᠶᠢ ᠪᠡᠶᠡᠯᠡᠭᠦᠯᠪᠡ᠃ |