ᠬᠠᠪᠤᠷ ᠠᠴᠠ ᠨᠠᠰᠢ᠂ ᠪᠥᠬᠦ ᠣᠷᠣᠨ ᠤ ᠬᠤᠷ᠎ᠠ ᠲᠤᠨᠳᠠᠰᠤ ᠪᠠᠭᠠᠰᠴᠤ᠂ ᠢᠯᠠᠩᠭᠤᠶ᠎ᠠ 5 ᠳ᠋ᠤᠭᠠᠷ ᠰᠠᠷ᠎ᠠ ᠶᠢᠨ | ᠳᠤᠮᠳᠠᠴᠢ ᠶᠢᠨ ᠬᠤᠷ᠎ᠠ ᠲᠤᠨᠳᠠᠰᠤ ᠶᠢᠨ ᠬᠡᠮᠵᠢᠶ᠎ᠡ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ | 25%~100% ᠪᠠᠭᠠᠰᠴᠤ᠂ ᠮᠠᠯᠵᠢᠬᠤ ᠣᠷᠣᠨ ᠤ ᠬᠠᠪᠤᠷ ᠤᠨ ᠬᠠᠪᠰᠠᠷᠭ᠎ᠠ ᠶᠢ ᠦᠷᠬᠦᠯᠵᠢᠯᠡᠭᠦᠯᠦᠨ᠂ | ᠬᠥᠷᠥᠰᠥᠨ ᠤ ᠴᠢᠭᠢᠭ ᠤᠨ ᠠᠭᠤᠷᠰᠢᠯ ᠢ ᠬᠦᠨᠳᠦᠷᠡᠬᠦᠯᠵᠤ᠂ ᠡᠪᠡᠰᠦ ᠪᠡᠯᠴᠢᠭᠡᠷ ᠤᠨ ᠬᠡᠪ ᠤᠨ ᠤᠷᠭᠤᠯᠲᠠ ᠶᠢ | ᠨᠦᠯᠦᠭᠡᠯᠡᠭᠰᠡᠨ ᠪᠠᠶᠢᠨ᠎ᠠ᠃ ᠤᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ | ᠬᠡᠲᠦᠷᠬᠡᠶ ᠥᠨᠳᠥᠷ᠂ ᠮᠠᠯᠵᠢᠬᠤ ᠣᠷᠣᠨ ᠤ ᠬᠥᠷᠥᠰᠥ ᠰᠢᠷᠣᠶ ᠶᠢᠨ ᠬᠡᠰᠦᠭᠰᠡᠨ ᠴᠠᠭ ᠨᠢ ᠬᠠᠭᠤᠴᠢᠨ ᠵᠢᠯ ᠤᠳ ᠤᠨ | ᠬᠢ ᠠᠴᠠ ᠡᠷᠲᠡ ᠪᠤᠯᠬᠤᠷ᠂ ᠡᠪᠡᠰᠦ ᠪᠡᠯᠴᠢᠭᠡᠷ ᠤᠨ ᠡᠷᠲᠡ ᠬᠦᠬᠡᠷᠡᠬᠦ ᠶᠢ ᠠᠬᠢᠭᠤᠯᠪᠠ᠃ ᠤᠳᠤ ᠪᠣᠯᠲᠠᠯ᠎ᠠ᠂ | ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤ | ᠪᠣᠯᠤᠨ ᠠᠪᠠᠭ᠎ᠠ ᠬᠤᠰᠢᠭᠤ᠂ ᠣᠷᠳᠣᠰ ᠬᠤᠲᠠ ᠶᠢᠨ ᠤᠳᠤᠭ ᠬᠤᠰᠢᠭᠤ ᠪᠣᠯᠤᠨ ᠬᠠᠩᠭᠢᠨ ᠬᠤᠰᠢᠭᠤ ᠠᠴᠠ | ᠭᠠᠳᠠᠨ᠎ᠠ᠂ ᠪᠦᠬᠦ ᠣᠷᠣᠨ ᠤ ᠡᠪᠡᠰᠦ ᠪᠡᠯᠴᠢᠭᠡᠷ ᠴᠦᠮ ᠬᠦᠬᠡᠷᠡᠵᠤ᠂ ᠪᠠᠶᠢᠭᠠᠯᠢᠯᠢᠭ ᠡᠪᠡᠰᠦ ᠪᠡᠯᠴᠢᠭᠡᠷ ᠤᠨ ᠦᠨᠳᠦᠷ | ᠨᠢ 3 ~ 21 ᠰᠡᠨᠲ᠋ᠢᠮᠧᠲᠷ ᠤᠨ ᠬᠤᠭᠤᠷᠣᠨᠳᠣ ᠪᠤᠯᠪᠠ᠃ ᠡᠨᠡ ᠦᠶ᠎ᠡ ᠳᠤ ᠲᠤᠨᠳᠠᠰᠤ ᠪᠠᠭ᠎ᠠ ᠪᠤᠯᠪᠠᠯ᠂ ᠡᠪᠡᠰᠦ | ᠪᠡᠯᠴᠢᠭᠡᠷ ᠤᠨ ᠤᠷᠭᠤᠯᠲᠠ ᠶᠢ ᠲᠤᠶᠢᠯ ᠢᠶᠠᠷ ᠬᠠᠷᠰᠢᠯᠠᠬᠤ ᠪᠤᠯᠤᠨ᠎ᠠ᠃ ᠥᠪᠥᠷ ᠮᠣᠩᠭᠤᠯ ᠤᠨ ᠴᠠᠭ ᠠᠭᠤᠷ ᠤᠨ | ᠲᠤᠪᠴᠢᠶ᠎ᠠ ᠶᠢᠨ ᠵᠢᠱᠢᠯᠲᠡ ᠪᠠᠷ 25 ᠤ ᠡᠳᠦᠷ ᠠᠴᠠ 27 ᠤ ᠡᠳᠦᠷ ᠪᠤᠯᠲᠠᠯ᠎ᠠ᠂ ᠪᠥᠬᠦ ᠣᠷᠣᠨ ᠤ ᠶᠡᠬᠡᠩᠬᠢ | ᠬᠡᠰᠡᠭ ᠲᠤ ᠲᠤᠩᠭᠠᠯᠠᠭ ᠠᠴᠠ ᠡᠬᠦᠯᠡᠰᠢᠵᠤ᠂ ᠬᠤᠷ᠎ᠠ ᠲᠤᠨᠳᠠᠰᠤ ᠪᠠᠭ᠎ᠠ ᠪᠠᠶᠢᠵᠤ᠂ 26 ᠤ ᠡᠳᠦᠷ ᠲᠤ ᠳᠤᠮᠳᠠ | ᠪᠠᠷᠠᠭᠤᠨ ᠬᠡᠰᠡᠭ ᠵᠢᠴᠢ ᠵᠡᠭᠦᠨ ᠬᠡᠰᠡᠭ ᠤᠨ ᠭᠠᠵᠠᠷ ᠣᠷᠣᠨ ᠳᠤ 30 ᠭᠷᠠᠳᠦ᠋ᠰ ᠠᠴᠠ ᠳᠡᠭᠡᠭᠰᠢ ᠥᠨᠳᠥᠷ ᠬᠠᠯᠠᠭᠤᠨ | ᠴᠠᠭ ᠠᠭᠤᠷ ᠢᠯᠡᠷᠡᠨ᠎ᠡ᠃ |