5 ᠳ᠋ᠤᠭᠠᠷ ᠰᠠᠷ᠎ᠠ ᠶᠢᠨ 25 ᠤ ᠡᠳᠦᠷ᠂ ᠰᠤᠷᠪᠤᠯᠵᠢᠯᠠᠬᠴᠢ ᠥᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠴᠡᠷᠢᠭ ᠡᠯᠰᠡᠬᠦ ᠠᠯᠪᠡᠨ ᠭᠡᠷ ᠠᠴᠠ ᠤᠶᠢᠯᠠᠭᠠᠭᠰᠠᠨ ᠢᠶᠠᠷ᠂ 5 ᠳ᠋ᠤᠭᠠᠷ | ᠰᠠᠷ᠎ᠠ ᠶᠢᠨ 22 ᠤᠨ ᠡᠳᠦᠷ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠠ | ᠥᠪᠦᠷ ᠮᠤᠩᠭᠤᠯ ᠤᠨ ᠴᠡᠷᠢᠭ ᠤᠨ ᠲᠤᠭᠤᠷᠢᠭ ᠠᠴᠠ ᠬᠠᠮᠳᠤᠷᠠᠨ ︽ᠬᠠᠤᠯᠢ ᠶᠤᠰᠤᠭᠠᠷ ᠴᠡᠷᠢᠭ ᠲᠤ ᠡᠯᠰᠡᠬᠦ ᠠᠵᠢᠯ | ᠢ ᠲᠦᠪ ᠴᠢᠩᠭ᠎ᠠ ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ᠢ ᠳᠠᠷᠬᠠᠭᠠᠵᠦ᠂ ᠪᠦᠬᠦᠯᠢ 18 ᠨᠠᠰᠤ ᠬᠦᠷᠦᠭᠰᠡᠨ | ᠡᠷᠡᠭᠳᠡᠢ ᠠᠷᠠᠳ ᠢᠷᠭᠡᠨ ᠬᠠᠤᠯᠢ ᠶᠤᠰᠤᠭᠠᠷ ᠴᠡᠷᠢᠭ ᠤᠨ ᠠᠯᠪᠠ ᠬᠦᠢᠴᠡᠳᠭᠡᠬᠦ ᠠᠰᠠᠭᠤᠳᠠᠯ ᠤᠨ ᠲᠤᠬᠠᠢ ᠲᠦᠪ | ᠴᠢᠩᠭ᠎ᠠ ᠲᠤᠭᠳᠠᠭᠠᠯ ᠭᠠᠷᠭᠠᠵᠠᠢ᠃ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ᠂ ᠪᠦᠬᠦᠯᠢ 18 ᠨᠠᠰᠤ | ᠬᠦᠷᠦᠭᠰᠡᠨ ᠡᠷᠡᠭᠳᠡᠢ ᠠᠷᠠᠳ ᠢᠷᠭᠡᠨ ᠡᠷᠭᠡᠪᠰᠢ ᠬᠠᠤᠯᠢ ᠶᠤᠰᠤᠭᠠᠷ ᠴᠡᠷᠢᠭ ᠤᠨ ᠠᠯᠪᠠ ᠳᠤ ᠪᠦᠷᠢᠳᠭᠡᠭᠦᠯᠵᠦ᠂ | ᠲᠤᠬᠠᠢ ᠶᠢᠨ ᠭᠠᠵᠠᠷ ᠤᠨ ᠴᠡᠷᠢᠭ ᠤᠨ ᠠᠯᠪᠠ ᠶᠢᠨ ᠪᠠᠶᠢᠭᠤᠯᠭ᠎ᠠ ᠶᠢᠨ ᠨᠢᠭᠡᠳᠦᠯᠳᠠᠢ ᠲᠤᠬᠢᠷᠠᠭᠤᠯᠤᠯᠳᠠ ᠶᠤᠰᠤᠭᠠᠷ᠂ | ᠬᠤᠯᠪᠤᠭᠳᠠᠯ ᠪᠦᠬᠦᠢ ᠴᠡᠷᠢᠭ ᠤᠨ ᠠᠯᠪᠠ ᠬᠦᠢᠴᠡᠳᠭᠡᠵᠦ᠂ ᠴᠡᠷᠢᠭ ᠤᠨ ᠠᠯᠪᠠ ᠳᠤ ᠪᠦᠷᠢᠳᠭᠡᠬᠦᠯᠦᠭᠰᠡᠨ ᠦᠭᠡᠢ | ᠪᠤᠶᠤ ᠴᠡᠷᠢᠭ ᠤᠨ ᠠᠯᠪᠠ ᠬᠦᠢᠴᠡᠳᠭᠡᠬᠦ ᠶᠢ ᠲᠡᠪᠴᠢᠭᠰᠡᠳ ᠲᠤ ᠰᠢᠷᠢᠰ ᠲᠤᠷᠭᠤᠭᠠᠨ ᠵᠠᠯᠬᠠᠭᠠᠬᠤ ᠠᠷᠭ᠎ᠠ ᠭᠡᠮᠵᠢᠶ᠎ᠠ | ᠠᠪᠬᠤ ᠪᠤᠯᠤᠨ᠎ᠠ᠃ | ︽ᠰᠠᠨᠠᠯ︾ ᠳᠤ᠄ ᠪᠦᠬᠦᠯᠢ 18 ᠨᠠᠰᠤ ᠬᠦᠷᠦᠭᠰᠡᠨ ᠡᠷᠡᠭᠳᠡᠢ ᠠᠷᠠᠳ ᠢᠷᠭᠡᠨ ᠴᠡᠷᠢᠭ ᠤᠨ ᠠᠯᠪᠠ ᠳᠤ | ᠪᠦᠷᠢᠳᠭᠡᠬᠦᠯᠦᠭᠰᠡᠨ ᠦᠭᠡᠢ ᠪᠤᠯ ᠶᠡᠭᠡ ᠰᠤᠷᠭᠠᠭᠤᠯᠢ ᠶᠢᠨ ᠨᠢᠭᠡᠳᠦᠯᠳᠠᠢ ᠰᠢᠯᠭᠠᠯᠳᠠ ᠳᠤ ᠨᠡᠷ᠎ᠠ ᠮᠡᠳᠡᠬᠦᠯᠵᠦ ᠪᠤᠯᠬᠤ | ᠦᠭᠡᠢ᠂ ᠳᠤᠳᠤᠭᠠᠳᠦ ᠶᠢ ᠬᠠᠮᠠᠭᠠᠯᠠᠬᠤ ᠰᠠᠯᠠᠭ᠎ᠠ ᠮᠦᠴᠢᠷ ᠲᠡᠬᠦᠨ ᠳᠤ ᠪᠡᠶ᠎ᠠ ᠶᠢᠨ ᠭᠠᠷᠤᠯ ᠤᠨ ᠭᠡᠷᠡᠴᠢᠯᠡᠭᠡ ᠦᠭᠴᠦ | ᠪᠤᠯᠬᠤ ᠦᠭᠡᠢ︔ ᠴᠡᠷᠢᠭ ᠤᠨ ᠠᠯᠪᠠ ᠳᠤ ᠪᠦᠷᠢᠳᠭᠡᠬᠦᠯᠬᠦ ᠠᠴᠠ ᠳᠤᠳᠠᠭᠠᠭᠰᠠᠨ ᠵᠠᠯᠠᠭᠤᠴᠣᠳ ᠢ ᠠᠯᠪᠠᠳᠠᠨ ︵ | ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ︶ ᠡᠯᠰᠡᠬᠦ᠂ ᠭᠠᠳᠠᠭᠠᠳᠦ ᠤᠯᠤᠰ ᠲᠤ ᠭᠠᠷᠬᠤ ᠬᠢᠯᠢ ᠪᠠᠷ | ᠭᠠᠷᠬᠤ ᠭᠠᠷ ᠬᠦᠢᠴᠡᠳᠭᠡᠯ ᠬᠢᠬᠦ᠂ ᠶᠡᠭᠡ ᠳᠡᠭᠡᠳᠦ ᠰᠤᠷᠭᠠᠭᠤᠯᠢ ᠳᠤ ᠰᠤᠷᠭᠠᠭᠤᠯᠢ ᠶᠢᠨ ᠬᠠᠷᠢᠶᠡᠯᠡᠯ ᠬᠢᠬᠦ ᠵᠡᠷᠭᠡ | ᠠᠵᠢᠯ ᠲᠠᠢ ᠤᠶᠠᠯᠳᠤᠭᠤᠯᠤᠨ ︽ᠠᠷᠠᠳ ᠢᠷᠭᠡᠨ ᠤ ᠴᠡᠷᠢᠭ ᠤᠨ ᠠᠯᠪᠠ ᠳᠤ ᠪᠦᠷᠢᠳᠭᠡᠬᠦᠯᠦᠭᠰᠡᠨ ᠦᠨᠡᠮᠯᠡᠯ︾ ᠢ | ᠰᠢᠯᠭᠠᠨ ᠬᠢᠨᠠᠬᠤ ᠭᠡᠯᠪᠡᠷᠢ ᠪᠠᠷ ᠬᠢᠵᠠᠭᠠᠷᠯᠠᠬᠤ ᠪᠤᠶᠤ ᠠᠯᠪᠠᠳᠠᠯᠭ᠎ᠠ ᠪᠠᠷ ᠪᠦᠷᠢᠳᠭᠡᠬᠦᠯᠦᠨᠠ ᠭᠡᠵᠦ ᠳᠤᠳᠤᠷᠬᠠᠶᠢᠯᠠᠪᠠ᠃ | ︽ᠰᠠᠨᠠᠯ︾ ᠳᠤ᠄ ᠪᠡᠶ᠎ᠠ ᠶᠢᠨ ᠪᠠᠶᠢᠴᠠᠭᠠᠯᠳᠠ᠂ ᠴᠡᠷᠢᠭ ᠤᠨ ᠠᠯᠪᠠ ᠬᠦᠢᠴᠡᠳᠭᠡᠬᠦ᠂ ᠦᠵᠡᠯ ᠰᠠᠨᠠᠭᠠᠨ ᠤ | ᠰᠢᠯᠳᠠᠭᠠᠨ ᠠᠴᠠ ᠪᠤᠯᠵᠦ ᠴᠡᠷᠢᠭ ᠠᠴᠠ ᠭᠠᠷᠬᠤ ᠵᠡᠷᠭᠡ ᠴᠡᠷᠢᠭ ᠤᠨ ᠠᠯᠪᠠ ᠬᠦᠢᠴᠡᠳᠬᠡᠬᠦ ᠶᠢ ᠳᠡᠪᠴᠢᠭᠰᠡᠨ ᠬᠦᠮᠦᠨ | ᠳᠤ᠂ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠠ ᠴᠡᠷᠢᠭ ᠤᠨ ᠠᠯᠪᠠ ᠶᠢᠨ ᠪᠠᠶᠢᠭᠤᠯᠭ᠎ᠠ ︽ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠶᠢᠨ ᠬᠠᠤᠯᠢ︾ ᠵᠡᠷᠭᠡ ᠬᠤᠯᠪᠤᠭᠳᠠᠯ ᠪᠦᠬᠦᠢ | ᠲᠤᠭᠳᠠᠭᠠᠯ ᠢ ᠦᠨᠳᠦᠰᠦᠯᠡᠨ ᠲᠠᠪᠤᠨ ᠲᠠᠯ᠎ᠠ ᠶᠢᠨ ᠵᠠᠯᠬᠠᠭᠠᠯ ᠦᠵᠡᠬᠦᠯᠦᠨ᠎ᠠ᠄ 1. ᠴᠡᠷᠢᠭ ᠲᠤ ᠤᠷᠤᠬᠤ ᠲᠤᠬᠠᠢ ᠶᠢᠨ | ᠵᠢᠯ ᠤᠨ ᠲᠤᠬᠠᠢ ᠶᠢᠨ ᠭᠠᠵᠠᠷ ᠤᠨ ᠠᠯᠪᠠ ᠬᠦᠢᠴᠡᠳᠭᠡᠬᠦ ᠴᠡᠷᠢᠭ ᠤᠨ ᠣᠨ ᠤ ᠬᠠᠷᠠᠭᠠᠯᠵᠠᠯ ᠤᠨ ᠮᠦᠩᠬᠦ ᠶᠢᠨ | ᠪᠠᠷᠢᠮᠵᠢᠶ᠎ᠠ ᠶᠢᠨ ᠬᠤᠶᠠᠷ ᠲᠠᠬᠢᠨ ᠢᠶᠠᠷ ᠠᠵᠤ ᠠᠬᠤᠢ ᠶᠢᠨ ᠲᠤᠷᠭᠤᠭᠤᠯᠢ ᠦᠭᠬᠦᠨ᠎ᠠ︔ 2. ᠪᠦᠬᠦ ᠤᠷᠤᠨ ᠤ | ᠬᠡᠪᠴᠢᠶᠡᠨ ᠳᠤ ᠠᠯᠪᠠᠳᠠᠨ᠂ ᠠᠯᠪᠠᠳᠠᠨ ᠤ ᠬᠠᠤᠯᠢ ᠪᠠᠷ ᠯᠠᠪᠯᠠᠯᠳᠠ ᠪᠤᠯᠭᠠᠭᠰᠠᠨ ᠬᠠᠮᠢᠶᠠᠷᠤᠯᠳᠠ ᠶᠢᠨ | ᠪᠠᠶᠢᠭᠤᠯᠭ᠎ᠠ ᠶᠢᠨ ᠠᠵᠢᠯᠳᠠᠨ ᠢᠶᠠᠷ ᠡᠯᠰᠡᠵᠦ ᠪᠤᠯᠬᠤ ᠦᠭᠡᠢ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠢᠶᠠᠷ | ᠴᠦ ᠡᠯᠰᠡᠵᠦ ᠪᠤᠯᠬᠤ ᠦᠭᠡᠢ︔ 3. ᠬᠤᠶᠡᠷ ᠵᠢᠯ ᠤᠨ ᠲᠣᠳᠣᠷ᠎ᠠ ᠭᠠᠳᠠᠭᠠᠳᠣ ᠣᠯᠣᠰ ᠲᠤ ᠭᠠᠷᠬᠤ ᠬᠢᠯᠢ ᠪᠠᠷ | ᠭᠠᠷᠬᠤ ᠭᠠᠷ ᠬᠦᠢᠴᠡᠳᠬᠡᠯ ᠬᠢᠵᠦ ᠪᠣᠯᠬᠤ ᠦᠬᠡᠢ︔ 4. ᠬᠤᠶᠠᠷ ᠵᠢᠯ ᠤᠨ ᠲᠤᠳᠤᠷ᠎ᠠ ᠰᠤᠷᠭᠠᠭᠤᠯᠢ ᠳᠤ | ᠲᠡᠪᠰᠢᠬᠦᠯᠵᠦ ᠪᠤᠯᠬᠤ ᠦᠭᠡᠢ︔ 5. ᠦᠪᠡᠷᠲᠡᠭᠡᠨ ᠵᠠᠰᠠᠬᠤ ᠤᠷᠤᠨ᠂ ᠠᠶᠢᠮᠠᠬ ᠬᠤᠳᠠ᠂ ᠬᠤᠰᠢᠭᠤ ᠰᠢᠶᠠᠨ | ᠭᠤᠷᠪᠡᠨ ᠱᠠᠳᠤᠨ ᠤ ᠨᠠᠮ ᠵᠠᠰᠠᠭ ᠤᠨ ᠵᠠᠭᠤᠴᠢᠯᠠᠭᠤᠷ᠂ ᠰᠤᠨᠢᠨ ᠰᠡᠳᠬᠦᠯ ᠳᠤ ᠴᠡᠷᠢᠭ ᠤᠨ ᠠᠯᠪᠠ | ᠬᠦᠢᠴᠡᠳᠭᠡᠬᠦ ᠠᠴᠠ ᠲᠡᠪᠴᠢᠭᠰᠡᠨ ᠬᠦᠮᠦᠰ ᠤᠨ ᠨᠡᠷ᠎ᠠ ᠶᠢ ᠢᠯᠡ ᠨᠡᠶᠢᠳᠡᠯᠡᠵᠦ᠂ ᠪᠦᠬᠦ ᠤᠷᠤᠨ ᠤ ᠨᠡᠶᠢᠭᠡᠮ ᠤᠨ | ᠢᠳᠡᠭᠡᠯ ᠠᠯᠳᠠᠭᠰᠠᠳ ᠢ ᠬᠠᠮᠳᠤᠷᠠᠨ ᠵᠠᠯᠬᠠᠭᠠᠬᠤ ᠰᠢᠰᠲ᠋ᠧᠮᠵᠢ ᠳᠤ ᠤᠷᠤᠭᠤᠯᠤᠨ᠎ᠠ ᠭᠡᠵᠦ ᠴᠢᠬᠤᠯᠠᠴᠢᠯᠠᠵᠠᠢ᠃ |