2017 ᠣᠨ ᠤ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠰᠠᠶᠢᠳᠣᠷ ᠬᠢᠭᠦ ᠲᠣᠬᠠᠢ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017/5/26
                    ᠥᠪᠥᠷ ᠵᠠᠰᠠᠭ ᠠᠯᠪᠠᠨ ᠥᠰᠥᠭ ﹇2017﹈ 27 ᠳ᠋ᠤᠭᠠᠷ ᠲᠤᠭᠠᠳᠤ                          2 ᠳ᠋ᠤᠭᠠᠷ ᠰᠠᠷ᠎ᠠ ᠶᠢᠨ22᠎ ᠎ ᠤᠨ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠣᠨ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠡᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠣ ᠠᠬᠤᠶᠢᠯᠡᠯ᠂ ᠠᠵᠢᠯ ᠦᠢᠯᠡᠰ ᠤᠨ ᠨᠢᠭᠡᠴᠨ ᠳᠤ᠄      ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠪᠣᠯ ︽ᠪᠦᠭᠦᠳᠠ ᠨᠠᠶᠢᠷᠠᠮᠳᠠᠬᠤ ᠲᠣᠮᠳᠠᠳᠣ ᠠᠷᠠᠣᠨ ᠣᠯᠣᠰ ᠤᠨ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠬᠠᠣᠯᠢ︾ ᠪᠣᠯᠣᠨ ︽︿ᠪᠦᠭᠦᠳᠠ ᠨᠠᠶᠢᠷᠠᠮᠳᠠᠬᠤ ᠲᠣᠮᠳᠠᠳᠣ ᠠᠷᠠᠣᠨ ᠣᠯᠣᠰ ᠤᠨ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠬᠠᠣᠯᠢ﹀᠎ ᠶᠢ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠬᠡᠷᠩᠵᠢᠭᠦᠯᠭᠦ ᠠᠷᠭ᠎ᠠ︾᠎ ᠶᠢᠨ ᠬᠤᠯᠪᠣᠭᠳᠠᠯ ᠪᠦᠭᠦᠢ ᠲᠣᠭᠳᠠᠭᠠᠯ ᠢᠶᠠᠷ ᠦᠨᠳᠣᠰᠣᠯᠡᠯ ᠪᠣᠯᠭᠠᠨ᠂ ᠦᠪᠡᠷᠳᠡᠭᠡᠨ ᠵᠠᠰᠠᠬᠤ ᠣᠷᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠠᠴᠠ ᠵᠣᠬᠢᠶᠠᠨ ᠪᠠᠶᠢᠭᠤᠯᠵᠣ ᠦᠷᠨᠢᠭᠦᠯᠣᠭ᠍ᠰᠡᠨ ᠣᠷᠳᠣ ᠬᠤᠭᠤᠴᠠᠭᠠᠨ ᠤ ᠨᠢᠭᠡ ᠵᠦᠢᠯ ᠤᠨ ᠨᠠᠶᠢᠭᠡᠮ ᠤᠨ ᠣᠯᠠᠨ ᠨᠠᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠃ ᠠᠵᠢᠯᠯᠠᠭ᠎ᠠ ᠶᠢ ᠦᠷᠨᠢᠭᠦᠯᠣᠭ᠍ᠰᠡᠨ ᠠᠴᠠ ᠨᠠᠰᠢ᠂ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠣ ᠬᠡᠮᠵᠢᠶ᠎ᠠ ᠪᠠᠷ ᠴᠢᠬᠤᠯᠠᠴᠢᠯᠠᠨ ᠦᠵᠡᠵᠣ᠂ ᠡᠯ᠎ᠠ ᠱᠠᠳᠣᠨ ᠤ ᠨᠠᠮ ᠵᠠᠰᠠᠭ ᠤᠨ ᠪᠠᠶᠢᠭᠤᠯᠭ᠎ᠠ᠂ ᠠᠵᠣ ᠠᠬᠤᠶᠢᠯᠡᠯ ᠠᠵᠢᠯ ᠦᠢᠯᠡᠰ ᠤᠨ ᠨᠢᠭᠡᠴᠨ ᠪᠠ ᠦᠷᠭᠡᠨ ᠣᠯᠠᠨ ᠬᠠᠯᠠᠭᠤᠨ ᠰᠡᠣᠡᠬᠢᠯᠳᠣ ᠭᠦᠮᠣᠰ ᠢᠳᠡᠪᠬᠢᠳᠠᠢ ᠣᠷᠣᠯᠴᠠᠵᠣ᠂ ᠨᠠᠶᠢᠭᠡᠮ ᠤᠨ ᠰᠠᠶᠢᠨ ᠰᠠᠶᠢᠬᠠᠨ ᠦᠷ᠎ᠡ ᠠᠰᠢᠭ ᠣᠯᠪᠠ᠃ 2016 ᠣᠨ ᠳᠤ᠂ ᠪᠦᠭᠦ ᠣᠷᠣᠨ ᠤ ᠡᠯ᠎ᠡ ᠱᠠᠳᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠨᠢ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠬᠠᠯᠠᠮᠵᠢ ᠶᠢᠨ ᠮᠦᠩᠭᠦ ᠶᠢ ᠨᠡᠶᠢᠢᠲᠡ 1.14 ᠳ᠋ᠦ᠋ᠶᠢᠩᠰᠢᠭᠤᠷ ᠲᠦᠭᠦᠷᠢᠭ ᠭᠦᠯᠢᠶᠠᠨ ᠠᠪᠴᠣ᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠳᠤ 8517 ᠲᠦᠮᠡᠨ ᠲᠦᠭᠦᠷᠢᠭ ᠤᠨ ᠪᠡᠯᠨ ᠣᠷᠣᠭᠤᠯᠵᠣ᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ ᠢᠶᠠᠷ ᠶᠡᠭᠡ ᠰᠣᠷᠭᠠᠭᠤᠯᠢ ᠳᠤ ᠰᠣᠷᠣᠯᠴᠠᠬᠤ ᠶᠢ ᠴᠢᠨᠢ ᠲᠣᠰᠠᠯᠠᠨᠠᠮ︾᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ ᠢᠶᠠᠷ ᠲᠦᠭ ᠲᠦᠮᠡᠨ ᠠᠶᠢᠯ ᠡᠷᠣᠭᠡ ᠶᠢ ᠬᠠᠯᠠᠮᠵᠢᠯᠠᠨᠠᠮ︾᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ ᠢᠶᠠᠷ ᠶᠠᠳᠠᠭᠤ ᠭᠦᠴᠢᠷᠳᠠᠯᠳᠠᠢ ᠬᠦᠨᠳᠦ ᠡᠪᠡᠣᠡᠴᠢᠳᠠᠨ ᠢ ᠲᠣᠰᠠᠯᠠᠨᠠᠮ︾᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ ᠢᠶᠠᠷ ᠣᠨᠴᠨ ᠭᠦᠴᠢᠷᠳᠠᠯᠳᠠᠢ ᠣᠯᠠᠨ ᠲᠦᠮᠡᠨ ᠢ ᠲᠣᠰᠠᠯᠠᠨᠠᠮ︾ ᠵᠡᠷᠭᠡ ᠠᠯᠢ ᠣᠯᠠᠨ ᠠᠪᠣᠷᠠᠨ ᠲᠣᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠣ᠂ ︽ᠬᠠᠷᠠᠭ᠎ᠠ ᠰᠡᠷᠭᠦᠭᠡᠬᠦ ᠠᠵᠢᠯᠯᠠᠭ᠎ᠠ︾ ᠶᠠᠳᠠᠭᠤ ᠭᠦᠴᠢᠷᠳᠠᠯᠳᠠᠢ ᠡᠪᠡᠣᠡᠴᠢᠳᠠᠨ ᠳᠤ ᠦᠨ᠎ᠠ ᠲᠦᠯᠣᠪᠣᠷᠢ ᠦᠭᠡᠢ ᠪᠠᠷ ᠬᠠᠷᠠᠭ᠎ᠠ ᠰᠡᠷᠭᠦᠭᠡᠭᠦ ᠮᠠᠰᠨ ᠵᠠᠰᠠᠯ ᠬᠢᠭᠦ ᠨᠦᠭᠦᠪᠣᠷᠢ ᠶᠢᠨ ᠲᠦᠷᠣᠯ ᠵᠦᠢᠯ᠂ ︽ᠣᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢᠨ ᠬᠡᠷ ᠣᠷᠣᠨ︾᠂ ︽ᠣᠯᠠᠭᠠᠨ ᠵᠠᠭᠠᠯᠮᠠᠶᠢᠳᠠᠨ ᠤ ᠯᠣᠤ ᠨᠸᠣ ᠨᠡᠷᠡᠮᠵᠢᠳᠣ ᠭᠦᠭᠦᠷᠭᠡ︾ ᠵᠡᠷᠭᠡ ᠨᠢᠭᠡ ᠪᠦᠯᠦᠭ ᠠᠷᠠᠣᠨ ᠢ ᠬᠠᠷᠭᠠᠯᠵᠠᠵᠣ ᠠᠰᠢᠭ ᠭᠦᠷᠳᠡᠭᠡᠭᠦ ᠲᠦᠷᠣᠯ ᠵᠦᠢᠯ ᠢ ᠦᠷᠭᠦᠯᠵᠢᠯᠡᠨ ᠬᠡᠷᠩᠵᠢᠭᠦᠯᠣᠨ᠂ ᠡᠯ᠎ᠡ ᠵᠦᠢᠯ ᠤᠨ ᠣᠨᠴᠨ ᠭᠦᠴᠢᠷᠳᠠᠯᠳᠠᠢ ᠣᠯᠠᠨ ᠲᠦᠮᠡᠨ ᠢ ᠨᠠᠶᠢᠳᠠ 85 ᠲᠦᠮᠡᠨ ᠭᠦᠮᠣᠨ ︵ᠣᠳᠠᠭ᠎ᠠ︶ ᠠᠪᠣᠷᠠᠨ ᠲᠣᠰᠠᠯᠠᠪᠠ᠃ 2017 ᠣᠨ ᠤ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠬᠠᠨᠳᠢᠪᠯᠠᠬᠤ ᠠᠵᠢᠯ ᠢ ᠦᠨᠡᠡᠭᠦ ᠰᠠᠶᠢᠳᠣᠷ ᠬᠢᠭᠦ ᠶᠢᠨ ᠲᠣᠰᠠᠳᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠣᠭᠡᠣᠨ᠂ ᠡᠳᠣᠭᠡ ᠬᠤᠯᠪᠣᠭᠳᠠᠯ ᠪᠦᠭᠦᠢ ᠵᠦᠢᠯ ᠢ ᠲᠣᠣᠷᠠᠬᠢ ᠮᠡᠳᠣ ᠮᠡᠳᠡᠭᠳᠡᠪᠠ᠄      ᠨᠢᠭᠡ᠂ 2017 ᠣᠨ ᠤ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠵᠣ ᠰᠠᠶᠢᠳᠣᠷ ᠦᠷᠨᠢᠭᠦᠯᠭᠦ ᠭᠡᠷᠩᠳᠠᠢ      ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠣᠭᠡᠯᠡᠭᠴᠢᠣᠨ ᠤᠨ ᠬᠤᠷᠠᠯ ᠤᠨ ᠮᠡᠳᠡᠭᠦᠯᠣᠯᠳᠠ᠂ ᠵᠠᠰᠠᠭ ᠤᠨ ᠣᠷᠳᠣᠨ ᠤ ᠠᠵᠢᠯ ᠤᠨ ᠢᠯᠡᠣᠡᠭᠡᠯ ᠳᠤ ᠴᠦᠮ ᠣᠯᠠᠭᠠᠨ ᠵᠠᠭᠠᠯᠮᠠᠶᠢᠳᠠᠨ ᠵᠡᠷᠭᠡ ᠪᠣᠶᠠᠨ ᠦᠢᠯᠡᠣᠡᠭᠦ ᠨᠠᠶᠢᠳᠠ ᠶᠢᠨ ᠠᠰᠠᠷᠠᠮᠵᠢ ᠶᠢᠨ ᠦᠢᠯᠡᠰ ᠢ ᠢᠳᠡᠪᠬᠢᠳᠠᠢ ᠭᠦᠴᠣᠯᠡᠨ ᠭᠦᠭᠵᠢᠭᠦᠯᠭᠦ ᠶᠢ ᠴᠢᠬᠤᠯᠠᠴᠢᠯᠠᠪᠠ᠃ 2017 ᠣᠨ ᠳᠤ᠂ ᠪᠦᠭᠦ ᠣᠷᠣᠨ ᠤ ᠣᠯᠠᠭᠠᠨ ᠵᠠᠭᠠᠯᠮᠠᠶᠢᠳᠠᠨ ᠤ ᠰᠢᠰᠲ᠋ᠧᠮ ᠨᠢ ᠳᠠᠪᠣᠨ 100᠎ ᠶᠢᠨ ᠲᠦᠷᠣᠯ ᠵᠦᠢᠯ ᠪᠠ ᠬᠤᠶᠠᠷ 20᠎ ᠶᠢᠨ ᠰᠠᠭᠤᠷᠢᠨ ᠭᠠᠵᠡᠷ ᠢ ᠪᠦᠳᠣᠭᠡᠨ ᠪᠠᠶᠢᠭᠤᠯᠬᠤ ᠠᠷᠠᠣᠨ ᠤᠨ ᠠᠮᠢᠳᠣᠷᠠᠯ ᠤᠨ ᠢᠨᠵᠧᠨᠧᠷᠢᠩ ︵ᠭᠤᠣᠯ ᠪᠣᠯᠬᠤ ᠣᠯᠠᠨ ᠨᠠᠶᠢᠳᠠ ᠶᠢᠨ ᠳᠠᠯᠠᠪᠣᠷ᠂ ᠨᠠᠶᠢᠭᠡᠮ ᠲᠣᠭᠤᠷᠢᠭ᠂ ᠰᠣᠷᠭᠠᠭᠤᠯᠢ ᠳᠤ ᠭᠦᠮᠣᠡᠯᠢᠭ ᠰᠣᠶᠣᠯ ᠢ ᠣᠯᠠᠮᠵᠢᠯᠠᠬᠤ ᠴᠢᠬ ᠢ 100 ᠪᠠᠶᠢᠭᠤᠯᠣᠨ᠂ ᠭᠦᠮᠣᠡᠯᠢᠭ ᠰᠣᠶᠣᠯ ᠢ ᠣᠯᠠᠮᠵᠢᠯᠠᠬᠤ ᠰᠠᠭᠤᠷᠢᠨ ᠭᠠᠵᠡᠷ ᠢ 20 ᠪᠠᠶᠢᠭᠤᠯᠣᠨ᠎ᠠ︔ ᠨᠢᠰᠭᠡᠯ ᠤᠨ ᠪᠠᠭᠤᠳᠠᠯ᠂ ᠭᠠᠯ ᠳᠡᠷᠭᠡᠨ ᠦᠷᠳᠡᠭᠡ᠂ ᠮᠠᠰᠢᠨ ᠳᠡᠷᠭᠡᠨ ᠤ ᠵᠣᠴᠢᠨ ᠵᠦᠭᠡᠭᠡᠪᠣᠷᠢᠯᠡᠭᠦ ᠦᠷᠳᠡᠭᠡ ᠵᠡᠷᠭᠡ ᠣᠯᠠᠨ ᠨᠠᠶᠢᠳᠠ ᠶᠢᠨ ᠳᠠᠯᠠᠪᠣᠷ ᠲᠤ ᠪᠠᠴᠢᠮ ᠪᠠᠶᠢᠳᠠᠯ ᠢ ᠠᠷᠭᠠᠴᠠᠬᠤ ᠠᠪᠣᠷᠠᠨ ᠲᠣᠰᠠᠯᠠᠬᠤ ᠴᠢᠬ 100 ᠲᠣᠬᠢᠷᠠᠭᠤᠯᠣᠨ᠂ 2 ᠲᠦᠮᠡᠨ ᠠᠪᠣᠷᠠᠭᠴᠢ ᠶᠢ ᠪᠣᠯᠪᠠᠰᠣᠷᠠᠭᠤᠯᠵᠣ᠂ 10 ᠲᠦᠮᠡᠨ ᠭᠦᠮᠣᠨ ᠢ ᠲᠦᠭᠡᠮᠡᠯᠵᠢᠭᠦᠯᠣᠨ ᠪᠣᠯᠪᠠᠰᠣᠷᠠᠭᠤᠯᠣᠨ᠎ᠠ︔ ᠬᠡᠷ ᠢᠶᠠᠨ ᠰᠠᠬᠢᠭᠰᠠᠨ ᠭᠡᠣᠭᠡᠣᠨ ᠪᠠᠭᠠᠴᠣᠣᠨ᠂ ᠭᠡᠷ ᠲᠡᠭᠡᠨ ᠬᠤᠴᠣᠷᠣᠭᠰᠠᠨ ᠨᠠᠰᠣᠳᠠᠣᠨ ᠲᠤ ᠴᠢᠭᠯᠡᠭᠦᠯᠣᠨ ᠰᠣᠷᠭᠠᠭᠤᠯᠢ᠂ ᠨᠠᠶᠢᠭᠡᠮ ᠲᠣᠭᠤᠷᠢᠭ ᠲᠤ ᠪᠠᠴᠢᠮ ᠪᠠᠶᠢᠳᠠᠯ ᠳᠤ ᠠᠪᠣᠷᠠᠨ ᠲᠣᠰᠠᠯᠠᠬᠤ ᠪᠣᠯᠣᠩ ᠢ 100 ᠲᠣᠬᠢᠷᠠᠭᠤᠯᠣᠨ᠎ᠠ︔ ᠮᠠᠯᠵᠢᠬᠤ ᠳᠠᠷᠢᠶᠠᠯᠠᠬᠤ ᠣᠷᠣᠨ᠂ ᠨᠠᠶᠢᠭᠡᠮ ᠲᠣᠭᠤᠷᠢᠭ ᠲᠤ ︽ᠲᠦᠭᠡᠮᠡᠯ ᠬᠠᠶᠢᠷ᠎ᠠ ᠶᠢᠨ ᠬᠡᠷ ᠣᠷᠣᠨ︾᠎ ᠤ 100 ᠲᠦᠷᠣᠯ ᠵᠦᠢᠯ ᠢ ᠬᠡᠷᠩᠵᠢᠭᠦᠯᠣᠨ᠂ ᠣᠨᠣᠪᠴᠢᠳᠠᠢ ᠪᠠᠷ ᠶᠠᠳᠠᠭᠤ ᠶᠢ ᠳᠡᠣᠡᠭᠦᠭᠦ ᠳᠤ ᠭᠦᠴᠣᠯᠡᠨ ᠲᠣᠰᠠᠯᠠᠨ᠎ᠠ︔ ᠶᠡᠭᠡ᠂ ᠲᠣᠮᠳᠠᠳᠣ᠂ ᠪᠠᠭ᠎ᠠ ᠰᠣᠷᠭᠠᠭᠤᠯᠢ ᠳᠤ ᠣᠯᠠᠭᠠᠨ ᠵᠠᠭᠠᠯᠮᠠᠶᠢᠳᠠᠨ ᠤ ᠵᠢᠱᠢᠶᠡᠴᠢ ᠰᠣᠷᠭᠠᠭᠤᠯᠢ ᠶᠢ 100᠂ ᠰᠠᠶᠢᠨ ᠲᠣᠷ᠎ᠠ ᠶᠢᠨ ᠦᠢᠯᠡᠴᠢᠯᠡᠭᠡᠨ ᠤ ᠵᠢᠱᠢᠶᠡᠴᠢ ᠰᠠᠭᠤᠷᠢᠨ ᠭᠠᠵᠡᠷ ᠢ 20 ᠪᠠᠶᠢᠭᠤᠯᠣᠨ᠎ᠠ︶᠃ ᠡᠯ᠎ᠡ ᠭᠠᠵᠡᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠨ ᠨᠦᠭᠦᠳ ᠦᠵᠡᠯ ᠰᠠᠨᠠᠭᠠᠨ ᠤ ᠳᠠᠨᠢᠯᠳᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠣᠨ᠂ ᠭᠦᠮᠣᠨ ᠢᠶᠠᠷ ᠦᠨᠳᠣᠰᠣ ᠪᠣᠯᠭᠠᠬᠤ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠣ᠂ ᠭᠦᠮᠣᠡᠯᠢᠭ᠂ ᠲᠦᠭᠡᠮᠡᠯ ᠬᠠᠶᠢᠷ᠎ᠠ᠂ ᠬᠠᠨᠳᠢᠪᠯᠠᠬᠤ ᠣᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠵᠠᠯᠭᠠᠮᠵᠢᠯᠠᠨ᠂ ᠨᠢᠭᠡᠳᠣᠯᠳᠠᠢ ᠪᠠᠶᠢᠷᠢᠯᠠᠭᠤᠯᠬᠤ᠂ ᠱᠠᠳᠣ ᠬᠤᠪᠢᠶᠠᠨ ᠵᠣᠬᠢᠶᠠᠨ ᠪᠠᠶᠢᠭᠤᠯᠵᠣ ᠬᠡᠷᠩᠵᠢᠭᠦᠯᠭᠦ᠂ ᠱᠠᠳᠣ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ 2017 ᠣᠨ ᠤ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠬᠠᠨᠳᠢᠪᠯᠠᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠣ ᠰᠠᠶᠢᠳᠣᠷ ᠦᠷᠨᠢᠭᠦᠯᠭᠦ ᠬᠡᠷᠩᠳᠠᠢ᠃      ᠬᠤᠶᠠᠷ᠂ ᠬᠠᠨᠳᠢᠪᠯᠠᠭᠰᠠᠨ ᠪᠡᠯᠨ ᠮᠦᠩᠭᠦ ᠶᠢᠨ ᠬᠠᠮᠢᠶᠠᠷᠴᠣ ᠬᠡᠷᠩᠯᠡᠭᠦ ᠶᠢ ᠴᠢᠩᠭᠠᠣᠠᠬᠠᠬᠤ ᠬᠡᠷᠩᠳᠠᠢ      ᠡᠯ᠎ᠡ ᠭᠠᠵᠡᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠨ ᠨᠦᠭᠦᠳ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠬᠠᠯᠠᠮᠵᠢ ᠶᠢᠨ ᠮᠦᠩᠭᠦ ᠪᠠᠨ ᠲᠣᠰᠪᠣᠷᠢ ᠱᠠᠭᠠᠷᠳᠠᠯᠭ᠎ᠠ ᠶᠣᠰᠣᠭᠠᠷ ᠲᠣᠰ ᠱᠠᠳᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠲᠤ ᠲᠣᠰᠢᠶᠠᠵᠣ ᠨᠢᠭᠡᠳᠣᠯᠳᠠᠢ ᠲᠦᠯᠣᠪᠯᠡᠨ ᠲᠣᠬᠢᠷᠠᠭᠤᠯᠣᠨ ᠬᠡᠷᠩᠯᠡᠵᠣ᠂ ᠳᠠᠰᠣᠳᠠᠨ ᠦᠯᠡᠳᠡᠭᠡᠵᠣ ᠪᠣᠯᠬᠤ ᠦᠭᠡᠢ᠃ ᠡᠯ᠎ᠡ ᠱᠠᠳᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠨᠢ ᠬᠠᠨᠳᠢᠪᠯᠠᠭᠰᠠᠨ ᠪᠡᠯᠨ ᠮᠦᠩᠭᠦ ᠪᠠᠨ ᠰᠢᠨᠵᠢᠯᠡᠭᠦ ᠣᠬᠠᠭᠠᠨᠴᠢ ᠵᠦᠢ ᠵᠣᠬᠢᠰᠳᠠᠢ ᠪᠠᠷ ᠲᠣᠬᠢᠷᠠᠭᠤᠯᠣᠨ ᠬᠡᠷᠩᠯᠡᠵᠣ᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ 20%᠎ ᠶᠢᠨ ᠪᠡᠯᠨ ᠮᠦᠩᠭᠦ ᠶᠢ ᠭᠠᠮᠰᠢᠭ ᠲᠤ ᠪᠡᠯᠡᠣᠡᠭᠡᠭᠦ ᠭᠠᠮᠰᠢᠭ ᠠᠴᠠ ᠠᠪᠣᠷᠠᠬᠤ ᠨᠦᠬᠡᠴᠡᠯᠡᠬᠦ ᠮᠦᠩᠭᠦ ᠳᠤ ᠵᠠᠷᠣᠴᠠᠭᠤᠯᠣᠨ᠂ 30%᠎ ᠶᠢᠨ ᠪᠡᠯᠨ ᠮᠦᠩᠭᠦ ᠶᠢ ᠭᠦᠮᠣᠡᠯᠢᠭ ᠠᠪᠣᠷᠠᠨ ᠲᠣᠰᠠᠯᠠᠬᠤ᠂ ᠭᠠᠮᠰᠢᠭ ᠠᠴᠠ ᠠᠪᠣᠷᠠᠵᠣ ᠲᠣᠰᠠᠯᠠᠬᠤ ᠳᠤ ᠬᠡᠷᠡᠭᠯᠡᠬᠦ ᠶᠢᠨ ᠬᠠᠮᠳᠣ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠣᠯᠠᠮᠵᠢᠯᠠᠯᠳᠣ ᠠᠪᠣᠷᠠᠨ ᠲᠣᠰᠠᠯᠠᠬᠤ ᠲᠦᠷᠣᠯ ᠵᠦᠢᠯ ᠢᠶᠠᠨ ᠦᠷᠭᠦᠯᠵᠢᠯᠡᠨ ᠪᠠᠬᠢᠵᠢᠭᠦᠯᠵᠦ᠂ 50%᠎ ᠶᠢᠨ ᠪᠡᠯᠨ ᠮᠦᠩᠭᠦ ᠶᠢ ᠶᠠᠳᠠᠭᠤ ᠠᠴᠠ ᠠᠩᠬᠢᠵᠢᠷᠠᠬᠤ ᠪᠠᠬᠢᠯᠡᠯᠳᠠ ᠰᠢᠪᠳᠣᠯᠬᠤ ᠢᠨᠵᠧᠨᠧᠷᠢᠩ ᠤᠨ ᠲᠣᠭᠤᠷᠢᠨ ᠳᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠵᠣᠷᠢᠯᠳᠠ ᠳᠤ ᠨᠠᠶᠢᠴᠡᠭᠦ ᠠᠷᠠᠣᠨ ᠤᠨ ᠠᠮᠢᠳᠣᠷᠠᠯ ᠤᠨ ᠲᠦᠷᠣᠯ ᠵᠦᠢᠯ ᠢ ᠬᠡᠷᠩᠵᠢᠭᠦᠯᠭᠦ ᠳᠤ ᠵᠠᠷᠣᠴᠠᠭᠤᠯᠬᠤ ᠬᠡᠷᠩᠳᠠᠢ᠃ ᠨᠠᠶᠢᠳᠠ ᠶᠢᠨ ᠢᠳᠡᠭᠡᠮᠵᠢ ᠶᠢᠨ ᠭᠦᠴᠣᠨ ᠤ ᠪᠠᠶᠢᠭᠤᠯᠣᠯᠳᠠ ᠶᠢ ᠴᠢᠩᠭᠠᠣᠠᠬᠠᠵᠣ᠂ ᠬᠤᠯᠪᠣᠭᠳᠠᠯ ᠪᠦᠭᠦᠢ ᠲᠣᠭᠳᠠᠭᠠᠯ ᠶᠣᠰᠣᠭᠠᠷ ᠬᠠᠨᠳᠢᠪᠯᠠᠭᠰᠠᠨ ᠪᠡᠯᠨ ᠮᠦᠩᠭᠦ ᠶᠢ ᠭᠦᠯᠢᠶᠠᠨ ᠠᠪᠬᠤ᠂ ᠬᠠᠮᠢᠶᠠᠷᠬᠤ ᠪᠠ ᠬᠡᠷᠩᠯᠡᠭᠦ ᠶᠢ ᠰᠠᠶᠢᠳᠣᠷ ᠴᠢᠩᠭ᠎ᠠ ᠬᠢᠭᠦ ᠬᠡᠷᠩᠳᠠᠢ︔ ᠲᠣᠳᠣᠭᠠᠳᠣ ᠶᠢᠨ ᠦᠪᠠᠷ ᠢ ᠪᠠᠨ ᠱᠠᠭᠠᠷᠳᠠᠬᠤ ᠲᠣᠭᠳᠠᠴᠨ ᠶᠢ ᠴᠢᠩᠭᠠᠣᠠᠬᠠᠨ᠂ ᠠᠵᠢᠯ ᠤᠨ ᠢᠯᠨ ᠲᠣᠳᠣᠷᠬᠠᠢ ᠪᠠᠶᠢᠬᠤ ᠬᠡᠮᠵᠢᠶ᠎ᠠ ᠶᠢ ᠨᠡᠮᠡᠭᠳᠡᠭᠦᠯᠵᠣ᠂ ᠲᠧᠯᠸᠢᠰ᠂ ᠰᠣᠨᠢᠨ᠂ ᠰᠦᠯᠵᠢᠶᠠᠨ ᠦᠷᠳᠡᠭᠡ ᠵᠡᠷᠭᠡ ᠵᠠᠭᠤᠴᠢᠯᠠᠭᠤᠷ ᠳᠡᠭᠡᠷ᠎ᠡ ᠬᠠᠨᠳᠢᠪᠯᠠᠭᠰᠠᠨ ᠪᠡᠯᠨ ᠮᠦᠩᠭᠦ ᠶᠢ ᠭᠦᠯᠢᠶᠠᠨ ᠠᠪᠣᠭᠰᠠᠨ ᠪᠠ ᠬᠡᠷᠩᠯᠡᠭᠰᠠᠨ ᠪᠠᠶᠢᠳᠠᠯ ᠢ ᠴᠠᠭ ᠲᠣᠬᠠᠢ ᠳᠤᠨᠢ ᠨᠠᠶᠢᠳᠡᠯᠡᠵᠣ᠂ ᠨᠠᠶᠢᠭᠡᠮ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠭᠦᠯᠢᠶᠡᠵᠣ᠂ ᠬᠠᠨᠳᠢᠪᠯᠠᠭᠰᠠᠣᠨ ᠢ ᠰᠡᠣᠡᠬᠢᠯ ᠠᠮᠣᠷ ᠪᠠᠶᠢᠯᠭᠠᠵᠣ᠂ ᠲᠣᠰᠠᠯᠠᠮᠵᠢ ᠭᠦᠷᠳᠡᠭᠰᠡᠣᠨ ᠢ ᠬᠠᠨᠣᠮᠵᠢᠳᠠᠢ ᠪᠠᠶᠢᠯᠭᠠᠬᠤ ᠬᠡᠷᠩᠳᠠᠢ︔ ᠪᠡᠯᠨ ᠮᠦᠩᠭᠦ ᠴᠣᠭᠯᠠᠭᠤᠯᠬᠤ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠣᠠᠬᠠᠵᠣ᠂ ᠠᠵᠢᠯ ᠤᠨ ᠠᠷᠭ᠎ᠠ ᠮᠠᠶ᠋ᠢᠭ ᠢᠶᠠᠨ ᠢᠳᠡᠪᠬᠢᠳᠠᠢ ᠰᠢᠨ᠎ᠠ ᠪᠠᠷ ᠡᠭᠦᠣᠡᠴᠣ᠂ ᠪᠡᠯᠨ ᠮᠦᠩᠭᠦ ᠴᠣᠭᠯᠠᠭᠤᠯᠬᠤ ᠵᠠᠮ ᠮᠦᠷ ᠢ ᠦᠷᠭᠡᠣᠡᠭᠡᠨ᠂ ᠪᠡᠯᠨ ᠮᠦᠩᠭᠦ ᠴᠣᠭᠯᠠᠭᠤᠯᠬᠤ ᠴᠢᠳᠠᠪᠣᠷᠢ ᠪᠠᠨ ᠳᠡᠭᠡᠭᠰᠢᠯᠡᠭᠦᠯᠵᠣ᠂ ᠨᠠᠶᠢᠭᠡᠮ ᠤᠨ ᠡᠯ᠎ᠠ ᠡᠳᠡᠭᠡᠣᠨ ᠤᠨ ᠭᠦᠴᠣᠨ ᠢ ᠳᠠᠶᠢᠴᠢᠯᠠᠨ ᠨᠠᠶᠢᠳᠠ ᠶᠢᠨ ᠠᠰᠠᠷᠠᠮᠵᠢ ᠶᠢᠨ ᠦᠢᠯᠡᠰ ᠲᠤ ᠣᠯᠠᠨ ᠵᠦᠢᠯ ᠤᠨ ᠬᠡᠯᠪᠡᠷᠢ ᠪᠠᠷ ᠣᠷᠣᠯᠴᠠᠭᠤᠯᠵᠣ᠂ ᠬᠠᠮᠤᠭ ᠠᠴᠠ ᠢᠯᠡᠭᠦᠣ ᠲᠣᠰᠠᠯᠠᠭᠤᠯᠬᠤ ᠬᠡᠷᠩᠴᠡᠭᠡ ᠲᠠᠢ ᠶᠠᠳᠠᠭᠤ ᠭᠦᠴᠢᠷᠳᠠᠯᠳᠠᠢ ᠣᠯᠠᠨ ᠨᠠᠶᠢᠳᠠ ᠶᠢᠨ ᠴᠠᠭ ᠲᠣᠬᠠᠢ ᠳᠠᠭᠠᠨ ᠲᠣᠰᠠᠯᠠᠮᠵᠢ ᠭᠦᠷᠳᠡᠭᠦ ᠶᠢ ᠦᠨᠡᠡᠭᠦ ᠪᠠᠳᠣᠯᠠᠨ᠂ ᠬᠠᠨᠳᠢᠪᠯᠠᠭᠰᠠᠨ ᠪᠡᠯᠨ ᠮᠦᠩᠭᠦ ᠶᠢ ᠰᠠᠶᠢᠳᠣᠷ ᠬᠡᠷᠩᠯᠡᠵᠣ᠂ ᠰᠠᠶᠢᠨ ᠶᠠᠪᠣᠳᠠᠯ ᠢ ᠰᠠᠶᠢᠳᠣᠷ ᠬᠢᠵᠣ᠂ ᠨᠠᠶᠢᠭᠡᠮ ᠤᠨ ᠬᠠᠮᠤᠭ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠩᠳᠠᠢ᠃ ᠡᠯ᠎ᠡ ᠱᠠᠳᠣᠨ ᠤ ᠬᠢᠨᠠᠨ ᠪᠣᠳᠣᠬᠤ ᠰᠠᠯᠠᠭ᠎ᠠ ᠮᠦᠴᠢᠷ ᠤᠳ ᠠᠳᠠᠯᠢ ᠱᠠᠳᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ ᠤᠨ ᠬᠠᠯᠠᠮᠵᠢ ᠢᠪᠡᠭᠡᠯ ᠤᠨ ᠮᠦᠩᠭᠦ ᠶᠢ ᠭᠦᠯᠢᠶᠠᠨ ᠠᠪᠴᠣ ᠬᠠᠮᠢᠶᠠᠷᠬᠤ ᠪᠠ ᠬᠡᠷᠩᠯᠡᠵᠣ ᠪᠠᠶᠢᠭ᠎ᠠ ᠪᠠᠶᠢᠳᠠᠯ ᠳᠤ ᠲᠣᠰᠬᠠᠢ ᠬᠢᠨᠠᠨ ᠪᠣᠳᠣᠯᠳᠠ ᠬᠢᠭᠦ ᠶᠢᠨ ᠬᠠᠮᠳᠣ ᠨᠠᠶᠢᠭᠡᠮ ᠳᠤ ᠨᠠᠶᠢᠳᠡᠯᠡᠵᠣ᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠶᠢᠨ ᠨᠠᠶᠢᠳᠠ ᠶᠢᠨ ᠢᠳᠡᠭᠡᠮᠵᠢ ᠶᠢᠨ ᠭᠦᠴᠣᠨ ᠢ ᠳᠡᠭᠡᠭᠰᠢᠯᠡᠭᠦᠯᠭᠦ ᠬᠡᠷᠩᠳᠠᠢ᠃      ᠭᠤᠷᠪᠠ᠂ ᠬᠠᠨᠳᠢᠪᠯᠠᠬᠤ ᠠᠵᠢᠯᠯᠠᠭ᠎ᠠ ᠶᠢ ᠣᠬᠠᠭᠤᠯᠬᠤ ᠡᠷᠴᠢᠮ ᠢ ᠴᠢᠩᠭᠠᠷᠠᠭᠤᠯᠬᠤ ᠬᠡᠷᠩᠳᠠᠢ      ᠡᠯ᠎ᠡ ᠭᠠᠵᠡᠷ ᠣᠷᠣᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠨ ᠨᠦᠭᠦᠳ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠣᠬᠠᠭᠤᠯᠬᠤ ᠡᠷᠴᠢᠮ ᠢᠶᠠᠨ ᠴᠢᠩᠭᠠᠷᠠᠭᠤᠯᠵᠣ᠂ ᠪᠦᠭᠦ ᠨᠠᠶᠢᠭᠡᠮ ᠢᠶᠠᠷ ᠢᠶᠠᠨ ᠬᠦᠮᠤᠨ ᠪᠦᠭᠦᠨ ᠨᠠᠶᠢᠳᠠ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ᠂ ᠭᠦᠮᠣᠨ ᠪᠦᠭᠦᠨ ᠬᠠᠶᠢᠷ᠎ᠡ ᠰᠡᠣᠡᠬᠢᠯ ᠢᠶᠠᠨ ᠵᠣᠷᠢᠭᠤᠯᠬᠤ ᠨᠠᠶᠢᠳᠠ ᠶᠢᠨ ᠠᠰᠠᠷᠠᠮᠵᠢ ᠶᠢᠨ ᠣᠨᠣᠯᠵᠢᠬᠤᠨ ᠢ ᠰᠣᠷᠳᠠᠯᠴᠢᠯᠠᠵᠣ᠂ ᠬᠠᠨᠳᠢᠪᠯᠠᠭᠬᠤ ᠠᠵᠢᠯᠯᠠᠭ᠎ᠠ ᠶᠢᠨ ᠲᠣᠮᠳᠠ ᠴᠣᠯᠭᠤᠷᠠᠭᠰᠠᠨ ᠳᠡᠷᠢᠭᠦᠨ ᠤ ᠨᠢᠭᠡᠴᠨ ᠪᠠ ᠬᠤᠪᠢ ᠭᠦᠮᠣᠨ ᠢ ᠶᠡᠭᠡᠪᠡᠷ ᠣᠬᠠᠭᠤᠯᠣᠨ ᠮᠡᠳᠡᠭᠡᠯᠡᠵᠣ᠂ ᠨᠠᠶᠢᠭᠡᠮ ᠤᠨ ᠪᠣᠯᠪᠠᠰᠣᠨ ᠤ ᠰᠢᠨ᠎ᠠ ᠬᠡᠪ ᠰᠣᠷᠳᠠᠯ ᠢ ᠭᠦᠳᠣᠯᠣᠨ ᠵᠢᠯᠣᠭᠤᠣᠠᠬᠤ ᠬᠡᠷᠩᠳᠠᠢ᠃ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠴᠣ ᠶᠢᠨ ᠰᠢᠷᠢᠰ ᠣᠬᠠᠭᠤᠯᠬᠤ ᠠᠵᠢᠯᠯᠠᠭ᠎ᠠ ᠶᠢ ᠨᠠᠷᠢᠯᠢᠬ ᠵᠣᠬᠢᠶᠠᠨ ᠪᠠᠶᠢᠭᠤᠯᠣᠨ ᠦᠷᠨᠢᠭᠦᠯᠵᠣ᠂ ᠬᠠᠶᠢᠷ᠎ᠡ ᠰᠡᠣᠡᠬᠢᠯ ᠢᠶᠠᠨ ᠵᠣᠷᠢᠭᠤᠯᠬᠤ ᠠᠵᠢᠯᠯᠠᠭ᠎ᠠ ᠶᠢ ᠮᠠᠭᠳᠠᠨ ᠰᠠᠶᠢᠰᠢᠶᠠᠵᠣ᠂ ᠨᠠᠶᠢᠭᠡᠮ ᠤᠨ ᠡᠯ᠎ᠡ ᠡᠳᠡᠭᠡᠣᠨ ᠤᠨ ᠠᠷᠠᠣᠨ ᠣᠯᠠᠨ ᠤ ᠣᠷᠣᠯᠴᠠᠬᠤ ᠣᠷᠬᠢᠯᠣᠮ᠎ᠠ ᠰᠡᠣᠡᠬᠢᠯ ᠢ ᠣᠷᠮᠠᠰᠢᠭᠤᠯᠣᠨ᠂ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠶᠢ ᠦᠪᠡᠷᠳᠡᠭᠡᠨ ᠵᠠᠰᠠᠬᠤ ᠣᠷᠣᠨ ᠤ ᠨᠠᠶᠢᠭᠡᠮ ᠤᠨ ᠨᠠᠶᠢᠳᠠ ᠶᠢᠨ ᠠᠰᠠᠷᠠᠮᠵᠢ ᠶᠢᠨ ᠨᠠᠷᠡᠳᠣ ᠳᠡᠮᠳᠡᠭᠳᠣ ᠪᠠ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠬᠢᠯᠢᠰ ᠴᠢᠬ ᠪᠣᠯᠭᠠᠬᠤ ᠬᠡᠷᠩᠳᠠᠢ᠃ ᠡᠯ᠎ᠡ ᠱᠠᠳᠣᠨ ᠤ ᠣᠬᠠᠭᠤᠯᠬᠤ ᠬᠡᠯᠳᠠᠰ ᠪᠠ ᠭᠤᠣᠯ ᠪᠤᠯᠬᠤ ᠵᠠᠭᠤᠴᠢᠯᠠᠭᠤᠷ ᠨᠢ ᠨᠠᠶᠢᠳᠠ ᠶᠢᠨ ᠠᠰᠠᠷᠠᠮᠵᠢ ᠶᠢᠨ ᠪᠣᠶᠠᠨ ᠦᠢᠯᠡᠣᠡᠭᠦ ᠠᠵᠢᠯᠯᠠᠭ᠎ᠠ ᠶᠢ ᠣᠬᠠᠭᠤᠯᠬᠤ ᠪᠠ ᠳᠡᠮᠵᠢᠭᠦ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃      2017 ᠣᠨ ᠤ ︽ᠲᠦᠭᠡᠮᠡᠯ ᠬᠠᠶᠢᠷ᠎ᠡ ᠶᠢᠨ ᠨᠢᠭᠡ ᠡᠳᠣᠷ ᠤᠨ ᠬᠠᠨᠳᠢᠪᠯᠡᠯ︾᠎ ᠤᠨ ᠠᠵᠢᠯᠯᠠᠭ᠎ᠠ ᠨᠢ 3 ᠳ᠋ᠣᠭᠠᠷ ᠰᠠᠷ᠎ᠡ ᠶᠢᠨ ᠡᠬᠢ ᠠᠴᠠ ᠡᠬᠢᠯᠡᠵᠦ 9 ᠳ᠋ᠣᠭᠡᠷ ᠰᠠᠷ᠎ᠡ ᠶᠢᠨ ᠰᠡᠭᠦᠯᠴᠢ ᠭᠦᠷᠴᠣ ᠳᠠᠭᠤᠰᠣᠨ᠎ᠠ᠃ ᠦᠪᠡᠷᠳᠡᠭᠡᠨ ᠵᠠᠰᠠᠬᠤ ᠣᠷᠣᠨ ᠤ ᠰᠢᠭᠤᠣᠨ ᠬᠠᠷᠢᠶ᠎ᠠ ᠨᠢᠭᠡᠴᠠ ᠶᠢᠨ ᠬᠠᠨᠳᠢᠪᠯᠠᠬᠤ ᠳᠠᠩᠰᠠᠨ ᠡᠷᠣᠭᠡ ᠶᠢᠨ ᠨᠡᠷᠡᠶᠢᠳᠣᠯ᠄ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠯᠠᠭᠠᠨ ᠵᠠᠭᠠᠯᠮᠠᠶᠢᠳᠠᠨ ᠤ ᠨᠠᠶᠢᠭᠡᠮᠯᠢᠭ᠂ ᠳᠠᠩᠰᠠᠨ ᠡᠷᠣᠭᠡ ᠨᠡᠭᠡᠭᠡᠭᠰᠠᠨ ᠪᠠᠩᠬᠢ᠄ ᠲᠣᠮᠳᠠᠳᠣ ᠣᠯᠣᠰ ᠤᠨ ᠪᠠᠩᠬᠢ ᠶᠢᠨ ᠭᠦᠭᠡᠬᠤᠳᠠ ᠶᠢᠨ ᠢᠣᠢ ᠴᠢᠣᠸᠠᠨ ᠰᠠᠯᠪᠣᠷᠢ ᠪᠠᠩᠬᠢ ᠶᠢᠨ ᠠᠵᠢᠯ ᠡᠷᠬᠢᠯᠡᠭᠦ ᠬᠡᠯᠳᠡᠰ᠂ ᠳᠠᠩᠰᠠᠨ ᠡᠷᠣᠭᠡ ᠶᠢᠨ ᠨᠣᠮᠧᠷ᠄ 150832650327᠃      ᠬᠠᠷᠢᠯᠴᠠᠬᠤ ᠭᠦᠮᠣᠨ᠄ ᠮᠧᠩ ᠵᠣᠣ ᠾᠦᠢ᠂ ᠬᠤ᠋ ᡁᠢ ᠬᠠᠩ      ᠬᠠᠷᠢᠯᠴᠠᠬᠤ ᠣᠳᠠᠰᠣ᠄ 0471 - 4501210᠂ 4501204
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号