ᠪᠦ᠋ ᠰᠢᠶᠤᠤ ᠯᠢᠨ ᠲᠤᠮᠳᠠᠳᠤ ᠤᠯᠤᠰ ᠲᠤ ᠰᠠᠭᠤᠭ᠎ᠠ ᠳ᠋ᠧᠨ᠋ᠮᠠᠷᠺ ᠸᠠᠩᠳᠤ ᠤᠯᠤᠰ ᠤᠨ ᠡᠯᠴᠢᠨ ᠰᠠᠶᠢᠳ ᠳ᠋ᠠᠶᠢᠱᠭᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2017/5/27
      5 ᠳ᠋ᠤᠭᠠᠷ ᠰᠠᠷ᠎ᠠ ᠶᠢᠨ 26᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠲᠤᠮᠳᠠᠳᠤ ᠤᠯᠤᠰ ᠲᠤ ᠰᠠᠭᠤᠭ᠎ᠠ ᠳ᠋ᠧᠨ᠋ᠮᠠᠷᠺ ᠸᠠᠩᠳᠦ ᠤᠯᠤᠰ ᠤᠨ ᠡᠯᠴᠢᠨ ᠰᠠᠶᠢᠳ ᠳ᠋ᠠᠶᠢᠱᠭᠧ ᠲᠠᠢ ᠠᠭᠤᠯᠵᠠᠪᠠ
                         ᠬᠤᠶᠠᠷ ᠲᠠᠯ᠎ᠠ ᠪᠠᠷ ᠢᠶᠠᠨ ᠶᠠᠷᠢᠯᠴᠠᠵᠤ ᠪᠠᠶᠢᠭ᠎ᠠ ᠨᠢ      5 ᠳ᠋ᠤᠭᠠᠷ ᠰᠠᠷ᠎ᠠ ᠶᠢᠨ 26᠎ ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠲᠤᠮᠳᠠᠳᠤ ᠤᠯᠤᠰ ᠲᠤ ᠰᠠᠭᠤᠭ᠎ᠠ ᠳ᠋ᠧᠨ᠋ᠮᠠᠷᠺ ᠸᠠᠩᠳᠦ ᠤᠯᠤᠰ ᠤᠨ ᠡᠯᠴᠢᠨ ᠰᠠᠶᠢᠳ ᠳ᠋ᠠᠶᠢᠱᠭᠧ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠵᠢᠭᠤᠯᠴᠢᠯᠠᠯ᠂ ᠡᠨᠧᠷᠬᠢ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠬᠤ ᠲᠤᠬᠠᠢ ᠰᠠᠨᠠᠯ ᠢᠶᠠᠨ ᠬᠦᠨᠵᠡᠭᠡᠢ ᠰᠤᠯᠢᠯᠴᠠᠪᠠ᠃      ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠳ᠋ᠠᠶᠢᠱᠭᠧ ᠨᠠᠷ ᠢ ᠪᠠᠶᠠᠷᠯᠠᠨ ᠤᠬᠳᠤᠬᠤ ᠶᠢᠨ ᠬᠠᠮᠳᠤ᠂ ᠦᠪᠦᠷ ᠮᠤᠩᠭᠤᠯ ᠤᠨ ᠤᠷᠤᠨ ᠤ ᠪᠠᠶᠢᠳᠠᠯ ᠢᠶᠠᠨ ᠲᠦᠭᠦᠮ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠠᠭᠤᠷᠬᠠᠢ ᠶᠢᠨ ᠡᠬᠢ ᠪᠠᠶᠠᠯᠢᠭ ᠡᠯᠪᠡᠭ ᠲᠡᠯᠪᠡᠭ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠢᠯᠴᠢ ᠪᠠᠷ ᠴᠠᠬᠢᠯᠭᠠᠨ ᠭᠠᠷᠭᠠᠬᠤ ᠲᠦᠯᠦᠪᠵᠢᠭᠦᠯᠭᠡ ᠪᠠ ᠮᠡᠷᠭᠡᠵᠢᠯ ᠤᠨ ᠲᠦᠪᠰᠢᠨ ᠤᠯᠤᠰ ᠤᠨ ᠲᠤᠳᠤᠭᠠᠳᠦ ᠳᠤ ᠲᠦᠷᠦᠭᠦᠯᠡᠵᠤ ᠪᠣᠢ᠂ ᠵᠢᠭᠤᠯᠴᠢᠯᠠᠯ ᠤᠨ ᠡᠬᠢ ᠪᠠᠶᠠᠯᠢᠭ ᠴᠦ ᠡᠯᠪᠡᠭ ᠲᠡᠯᠪᠡᠭ᠂ ᠤᠳᠤᠬᠠᠨ ᠳᠤ ᠶᠠᠭ ᠠᠵᠤ ᠦᠢᠯᠡᠰ ᠎ ᠤᠨ ᠪᠦᠳᠦᠴᠡ ᠪᠠᠨ ᠢᠳᠡᠪᠬᠢᠳᠡᠢ ᠲᠤᠬᠢᠷᠠᠭᠤᠯᠦᠨ᠂ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ᠂ ᠳ᠋ᠧᠨ᠋ᠮᠠᠷᠺ ᠯᠤᠭ᠎ᠠ ᠵᠢᠭᠤᠯᠴᠢᠯᠠᠯ ᠵᠡᠷᠭᠡ ᠬᠦᠷᠢᠶᠡᠨ ᠳᠤ ᠦᠷᠭᠡᠨ ᠲᠡᠯᠬᠡᠷ ᠬᠠᠮᠳᠤᠷᠠᠯᠴᠠᠭ᠎ᠠ ᠦᠷᠨᠢᠭᠦᠯᠬᠦ ᠳᠣᠷ᠎ᠠ ᠲᠠᠢ ᠪᠠᠶᠢᠨ᠎ᠠ᠃ ᠳ᠋ᠧᠨ᠋ᠮᠠᠷᠺ ᠪᠤᠯ ︽ᠨᠢᠭᠡ ᠪᠦᠰᠡ ᠨᠢᠭᠡ ᠵᠠᠮ︾᠎ ᠤᠨ ᠤᠮᠠᠷᠠᠳᠦ ᠡᠸᠦ᠋ᠷᠦᠫᠡ ᠶᠢᠨ ᠴᠢᠭᠯᠡᠯ ᠲᠠᠭᠠᠤ ᠶᠢᠨ ᠴᠢᠬᠤᠯᠠ ᠤᠯᠤᠰ ᠪᠤᠯᠤᠨ᠎ᠠ᠂ ᠦᠪᠦᠷ ᠮᠤᠩᠭᠤᠯ ᠪᠤᠯ ᠲᠤᠮᠳᠠᠳᠤ ᠤᠯᠤᠰ ᠤᠨ ᠠᠽᠢᠶ᠎ᠠ ᠡᠸᠦ᠋ᠷᠦᠫᠡ ᠯᠦᠭᠡ ᠬᠤᠯᠪᠤᠯᠳᠤᠨ ᠨᠡᠪᠳᠡᠷᠡᠯᠴᠡᠭᠦ ᠴᠢᠬᠤᠯᠠ ᠵᠠᠮ ᠪᠣᠯᠣᠨ᠎ᠠ᠂ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠎ ᠤᠨ ᠪᠦᠳᠦᠭᠡᠨ ᠪᠠᠶᠢᠭᠤᠯᠤᠯᠳᠠ ᠶᠢᠨ ᠬᠠᠮᠳᠤᠷᠠᠯᠴᠠᠭ᠎ᠠ ᠳᠣᠮᠳᠠ ᠬᠢᠬᠦ ᠠᠵᠢᠯ ᠣᠯᠠᠨ ᠪᠠᠶᠢᠨ᠎ᠠ ᠭᠡᠳᠡᠭ ᠢ ᠢᠳᠡᠭᠡᠵᠤ ᠪᠠᠶᠢᠨ᠎ᠠ ᠬᠡᠵᠡᠢ᠃      ᠳ᠋ᠠᠶᠢᠱᠭᠧ ᠬᠡᠯᠡᠭᠰᠡᠨ ᠨᠢ᠂ ᠪᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠦᠷᠦᠭᠦᠦ ᠣᠳᠠᠭ᠎ᠠ ᠢᠷᠡᠵᠤ ᠪᠠᠶᠢᠬᠤ ᠪᠦᠭᠡᠳ ᠮᠠᠰᠢ ᠰᠠᠶᠢᠬᠠᠨ ᠰᠠᠭᠤᠭᠳᠠᠯ ᠦᠯᠡᠳᠡᠭᠡᠵᠡᠢ᠃ ᠳ᠋ᠧᠨ᠋ᠮᠠᠷᠺ ᠪᠤᠯᠤᠨ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠨᠢᠬᠳᠠ᠂ ᠬᠥᠳᠡᠭᠡ ᠠᠵᠣ ᠠᠬᠤᠢ᠂ ᠡᠨᠧᠷᠬᠢ᠂ ᠤᠷᠴᠢᠨ ᠲᠤᠭᠤᠷᠢᠨ ᠵᠡᠷᠭᠡ ᠲᠠᠯ᠎ᠠ ᠪᠠᠷ ᠦᠷᠭᠡᠨ ᠢᠶᠠᠷ ᠬᠠᠮᠳᠤᠷᠠᠨ ᠠᠵᠢᠯᠯᠠᠵᠤ ᠪᠤᠢ᠂ ᠡᠭᠦᠨ ᠳᠤ ᠤᠷᠤᠨ ᠨᠤᠳᠤᠭ ᠤᠨ ᠬᠠᠮᠳᠤᠷᠠᠯᠴᠠᠭ᠎ᠠ ᠨᠢᠭᠡᠨᠳᠡ ᠬᠤᠶᠠᠷ ᠤᠯᠤᠰ ᠤᠨ ᠬᠠᠮᠳᠤᠷᠠᠯᠴᠠᠭ᠎ᠠ ᠶᠢᠨ ᠴᠢᠬᠤᠯᠠ ᠬᠡᠰᠡᠭ ᠪᠤᠯᠵᠠᠢ᠃ ᠳ᠋ᠧᠨ᠋ᠮᠠᠷᠺ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠯᠤᠭ᠎ᠠ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠵᠡᠷᠭᠡ ᠰᠢᠨ᠎ᠠ ᠡᠨᠧᠷᠬᠢ ᠶᠢᠨ ᠬᠦᠷᠢᠶᠡᠨ ᠳᠤ ᠬᠦᠨᠵᠡᠭᠡᠢ ᠬᠠᠮᠳᠤᠷᠠᠨ ᠠᠵᠢᠯᠯᠠᠵᠤ᠂ ᠦᠪᠦᠷ ᠮᠤᠩᠭᠤᠯ ᠤᠨ ᠡᠨᠧᠷᠬᠢ ᠶᠢᠨ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠭᠦ ᠳᠤ ᠬᠦᠴᠦ ᠨᠡᠮᠡᠷᠢᠯᠡᠭᠦ ᠲᠤᠷ᠎ᠠ ᠲᠠᠢ ᠪᠠᠶᠢᠨ᠎ᠠ ᠬᠡᠪᠠ᠃      ᠲᠤᠮᠳᠠᠳᠤ ᠤᠯᠤᠰ ᠲᠤ ᠰᠠᠭᠤᠭ᠎ᠠ ᠳ᠋ᠧᠨ᠋ᠮᠠᠷᠺ ᠤᠨ ᠡᠯᠴᠢᠨ ᠰᠠᠶᠢᠳ ᠤᠨ ᠶᠠᠮᠤᠨ ᠵᠢᠴᠢ ᠦᠪᠡᠷᠳᠡᠭᠡᠨ ᠵᠠᠰᠬᠠᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号