ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠶ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠵᠤ᠂ ᠠᠵᠤ ᠦᠢᠯᠡᠳᠪᠦᠷᠢ ᠶᠢᠨ ᠦᠷ᠎ᠡ ᠠᠰᠢᠭ᠂ ᠭᠠᠶᠢᠯᠢ ᠲᠠᠲᠠᠪᠤᠷᠢ᠂ ᠦᠢᠯᠡᠳᠬᠦᠨ ᠤ | ᠬᠡᠮᠵᠢᠶ᠎ᠡ᠂ ᠦᠨ᠎ᠡ ᠬᠠᠩᠰᠢ᠂ ᠴᠠᠬᠢᠯᠭᠠᠨ ᠬᠡᠷᠡᠭᠯᠡᠬᠦ ᠬᠡᠮᠵᠢᠶ᠎ᠡ᠂ ᠲᠡᠭᠡᠭᠡᠪᠦᠷᠢ ᠶᠢᠨ ᠬᠡᠮᠵᠢᠶ᠎ᠡ ᠵᠡᠷᠭᠡ ᠡᠯ᠎ᠡ | ᠠᠵᠢᠯᠯᠠᠭᠠᠨ ᠤ ᠭᠦᠢᠴᠡᠳᠬᠡᠯ ᠲᠤᠭ᠎ᠠ ᠪᠦᠬᠦ ᠲᠠᠯ᠎ᠠ ᠪᠠᠷ ᠰᠠᠶᠢᠵᠢᠷᠠᠪᠠ᠃ ᠨᠢᠭᠡᠳᠦᠭᠡᠷ ᠤᠯᠠᠷᠢᠯ ᠳᠤ᠂ ᠥᠪᠥᠷ | ᠮᠣᠩᠭᠤᠯ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 367.0 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠵᠦ᠂ ᠨᠢᠳᠤᠨᠤᠨ ᠤ 7 ᠳ᠋ᠤᠭᠠᠷ | ᠰᠠᠷ᠎ᠠ ᠠᠴᠠ ᠨᠠᠰᠢ 7 ᠰᠠᠷ᠎ᠠ ᠳᠠᠷᠠᠭᠠᠯᠠᠭᠰᠠᠨ ᠰᠥᠭᠡᠷᠭᠦ ᠨᠡᠮᠡᠭᠳᠡᠯ ᠤᠨ ᠪᠠᠶᠢᠳᠠᠯ ᠢ ᠡᠴᠦᠰᠯᠡᠭᠦᠯᠪᠡ︔ ᠪᠦᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ | ᠬᠤᠭᠤᠴᠠᠭᠠᠨ ᠤ ᠬᠢ ᠠᠴᠠ 7.6% ᠨᠡᠮᠡᠭᠳᠡᠵᠦ᠂ ᠨᠢᠳᠤᠨᠤᠨ ᠤ ᠪᠦᠬᠦ ᠵᠢᠯ ᠤᠨ ᠬᠢ ᠠᠴᠠ 0.4 ᠵᠠᠭᠤᠨ ᠤ ᠴᠡᠭ | ᠲᠦᠷᠭᠡᠰᠴᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 0.8 ᠵᠠᠭᠤᠨ ᠤ ᠴᠡᠭ ᠥᠨᠳᠥᠷᠵᠢᠵᠦ᠂ ᠪᠥᠬᠦ | ᠤᠯᠤᠰ ᠲᠤ 13 ᠳ᠋ᠤᠭᠠᠷ ᠲᠤ ᠪᠠᠶᠢᠷᠢᠯᠠᠪᠠ᠂ ᠡᠭᠦᠨ ᠳᠤ᠂ 3 ᠳ᠋ᠤᠭᠠᠷ ᠰᠠᠷ᠎ᠠ ᠶᠢᠨ ᠨᠡᠮᠡᠭᠳᠡᠯ ᠦᠷᠲᠡᠭ ᠨᠢ ᠠᠳᠠᠯᠢ | ᠬᠤᠭᠤᠴᠠᠭᠠᠨ ᠤ ᠬᠢ ᠠᠴᠠ 9.4 % ᠨᠡᠮᠡᠭᠳᠡᠵᠦ᠂ ᠪᠦᠬᠦ ᠤᠯᠤᠰ ᠲᠤ 7 ᠳ᠋ᠤᠭᠠᠷ ᠲᠤ ᠪᠠᠶᠢᠷᠢᠯᠠᠪᠠ᠃ | 1 — 2 ᠳ᠋ᠤᠭᠠᠷ ᠰᠠᠷ᠎ᠠ ᠳᠤ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ 240.6 | ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 141. | 1% ᠨᠡᠮᠡᠭᠳᠡᠵᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ ︵31.5%︶ 109.6 ᠵᠠᠭᠤᠨ ᠤ ᠴᠡᠭ | ᠥᠨᠳᠥᠷᠵᠢᠵᠦ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠲᠤ 3 ᠳ᠋ᠤᠭᠠᠷ ᠲᠤ ᠪᠠᠶᠢᠷᠢᠯᠠᠵᠤ᠂ ᠤᠶᠢᠷ᠎ᠠ ᠶᠢᠨ | ᠠᠷᠪᠠᠨ ᠲᠠᠪᠤᠨ ᠵᠢᠯ ᠲᠣᠲᠣᠷ᠎ᠠ ᠰᠢᠨ᠎ᠡ ᠲᠡᠮᠳᠡᠭᠯᠡᠯ ᠢ ᠡᠭᠦᠳᠪᠡ᠃ ᠠᠯᠳᠠᠪᠤᠷᠢ ᠲᠠᠢ ᠠᠵᠤ ᠠᠬᠤᠶᠢᠯᠠᠯ ᠤᠨ | ᠠᠯᠳᠠᠭᠳᠠᠯ ᠤᠨ ᠶᠡᠷᠦᠩᠬᠡᠶ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 30.3 % ᠪᠠᠭᠤᠷᠠᠵᠤ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 47.7 ᠵᠠᠭᠤᠨ ᠤ ᠴᠡᠭ ᠪᠠᠭᠠᠰᠪᠠ᠃ |