ᠥᠪᠥᠷ ᠵᠠᠰᠠᠭ ᠲᠠᠷᠬᠠᠭᠠᠭᠰᠠᠨ ﹇2017﹈ 2 ᠳ᠋ᠤᠭᠠᠷ ᠲᠤᠭᠠᠳᠤ | 1 ᠳ᠋ᠤᠭᠡᠷ ᠰᠠᠷ᠎ᠠ ᠶᠢᠨ 4 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ︾ ᠶᠢ ᠲᠠᠨᠠᠷ ᠲᠤ | ᠳᠠᠷᠤᠮᠠᠯᠯᠠᠨ ᠶᠠᠪᠤᠭᠤᠯᠪᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠬᠤ ᠨᠠᠢᠮᠠᠨ ᠠᠷᠭ᠎ᠠ ᠬᠡᠮᠵᠢᠶ᠎ᠡ | | | ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ | ᠠᠬᠢᠭᠤᠯᠬᠤ ᠨᠢ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠦᠨ᠂ ᠮᠠᠨ ᠤ ᠣᠷᠣᠨ ᠤ ᠬᠥᠭᠵᠢᠯᠲᠡ ᠶᠢᠨ ᠠᠷᠭ᠎ᠠ ᠮᠠᠶ᠋ᠢᠭ ᠢ ᠤᠯᠠᠷᠢᠭᠤᠯᠬᠤ ᠰᠢᠭᠤᠳ | ᠬᠥᠳᠡᠯᠭᠡᠬᠦ ᠬᠦᠴᠦᠨ ᠪᠣᠯᠬᠤ ᠪᠦᠭᠡᠳ ᠪᠠᠰᠠ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠪᠣᠯᠣᠨ᠎ᠠ᠂ | ᠲᠡᠷᠡ ᠨᠢ ᠰᠢᠨ᠎ᠡ ᠶᠢ ᠡᠭᠦᠳᠬᠦ ᠬᠥᠭᠵᠢᠯᠲᠡ ᠶᠢᠨ ᠶᠡᠷᠦᠩᠬᠡᠶ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠬᠠᠤᠯᠢ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ | ᠬᠦᠴᠦᠨ ᠢ ᠬᠦᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠶ ᠶᠢᠨ ᠨᠢᠭᠲᠠ ᠤᠶᠠᠯᠳᠤᠯ ᠢ | ᠠᠬᠢᠭᠤᠯᠬᠤ ᠶᠢᠨ ᠲᠤᠰᠠᠳᠠ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠡᠷᠡᠭᠯᠡᠭᠡᠨ ᠤ ᠲᠣᠮᠣ ᠳ᠋ᠠᠶᠢᠲ᠋ᠠ ᠶᠢᠨ ᠠᠷᠠᠯᠵᠢᠶᠠᠨ ᠤ ᠲᠠᠪᠴᠠᠩ | ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠲᠤᠮᠤ ᠳ᠋ᠠᠶᠢᠲ᠋ᠠ᠂ ᠡᠭᠦᠯᠡᠨ ᠮᠡᠳᠡᠭᠡ | ᠵᠠᠩᠭᠢ ᠶᠢ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠮᠡᠷᠭᠡᠵᠢᠯ ᠢ ᠠᠷᠠᠯᠵᠢᠶᠠᠯᠠᠬᠤ᠂ ᠲᠤᠰᠬᠠᠶ ᠮᠡᠷᠭᠡᠵᠢᠯᠲᠡᠨ ᠤ ᠵᠥᠪᠯᠡᠯᠭᠡ | ᠥᠭᠬᠦ ᠪᠠ ᠲᠦᠷᠦ ᠶᠢᠨ ᠪᠤᠳᠤᠯᠭ᠎ᠠ ᠪᠠᠷ ᠤᠷᠮᠠᠰᠢᠭᠤᠯᠬᠤ ᠶᠢ ᠨᠢᠭᠡ ᠴᠣᠭᠴᠠᠵᠢᠭᠤᠯᠤᠭᠰᠠᠨ᠂ ᠰᠦᠯᠵᠢᠶᠡᠨ ᠳᠡᠭᠡᠷᠡᠬᠢ | ᠪᠠ ᠰᠦᠯᠵᠢᠶᠡᠨ ᠤ ᠭᠠᠳᠠᠨᠠᠬᠢ ᠶᠢ ᠬᠠᠷᠢᠯᠴᠠᠨ ᠤᠶᠠᠯᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠢ ᠴᠣᠭᠴᠠᠯᠠᠨ ᠪᠠᠶᠢᠭᠤᠯᠤᠨ᠎ᠠ᠃ ᠠᠷᠠᠯᠵᠢᠶᠠᠨ ᠤ | ᠲᠠᠪᠴᠠᠩ ᠤᠨ ᠠᠵᠢᠯᠯᠠᠭᠠᠨ ᠨᠢ ᠥᠷᠢᠰᠥᠯᠳᠦᠭᠡᠨ ᠢᠶᠠᠷ ᠳᠠᠮᠵᠢᠭᠤᠯᠤᠨ ᠰᠢᠯᠢᠳᠡᠭ ᠢ ᠨᠢ ᠰᠤᠩᠭᠤᠵᠤ᠂ ᠰᠢᠯᠢᠳᠡᠭ | ᠦᠢᠯᠡᠴᠢᠯᠡᠭᠡᠨ ᠤ ᠪᠦᠯᠬᠦᠮ ᠨᠡᠶᠢᠲᠡ ᠶᠢ ᠰᠢᠯᠢᠨ ᠰᠤᠩᠭᠤᠵᠤ ᠪᠠᠶᠢᠭᠠᠳ ᠰᠦᠯᠵᠢᠶᠡᠨ ᠳᠡᠭᠡᠷᠡᠬᠢ ᠪᠠ ᠰᠦᠯᠵᠢᠶᠡᠨ ᠤ | ᠭᠠᠳᠠᠨᠠᠬᠢ ᠲᠤᠰᠬᠠᠶ ᠦᠢᠯᠡᠴᠢᠯᠡᠭᠡ ᠬᠠᠩᠭᠠᠨ᠎ᠠ᠃ ᠪᠠᠶᠢᠷᠢᠰᠢᠭᠤᠯᠤᠯ ᠨᠢ ᠵᠦᠢ ᠵᠣᠬᠢᠰᠲᠠᠶ᠂ ᠠᠵᠢᠯᠯᠠᠭᠠᠨ ᠨᠢ ᠥᠨᠳᠥᠷ | ᠦᠷ᠎ᠡ ᠪᠦᠲᠦᠮᠵᠢᠲᠡᠶ᠂ ᠪᠠᠷᠢᠮᠵᠢᠶ᠎ᠠ ᠨᠢ ᠨᠢᠭᠡᠳᠦᠯᠲᠡᠶ᠂ ᠦᠢᠯᠡᠴᠢᠯᠡᠭᠡ ᠨᠢ ᠵᠢᠷᠤᠮᠵᠢᠭᠤᠨ ᠪᠠᠶᠢᠬᠤ ᠪᠦᠲᠦᠭᠡᠨ | ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠡᠳᠦᠶ ᠲᠡᠳᠦᠶ ᠣᠷᠣᠨ ᠪᠦᠰᠡ ᠶᠢᠨ ᠴᠢᠨᠠᠷᠲᠠᠶ ᠮᠡᠷᠭᠡᠵᠢᠯ ᠤᠨ ᠥᠮᠴᠢᠯᠡᠬᠦ | ᠡᠷᠬᠡ ᠶᠢᠨ ᠠᠷᠠᠯᠵᠢᠶᠠᠨ ᠤ ᠲᠠᠪᠴᠠᠩ ᠢ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠣᠭᠤᠳᠴᠤ ᠪᠠᠶᠢᠭᠠᠳ | ᠲᠠᠪᠴᠠᠩ ᠤᠨ ᠡᠬᠢ ᠪᠠᠶᠠᠯᠢᠭ ᠢ ᠬᠠᠮᠲᠤᠪᠡᠷ ᠬᠦᠷᠲᠡᠬᠦ ᠶᠢ ᠪᠡᠶᠡᠯᠡᠭᠦᠯᠦᠨ᠎ᠡ᠃ | ᠬᠤᠶᠠᠷ᠂ ᠳᠠᠷᠠᠭᠠᠬᠢ ᠨᠥᠬᠦᠪᠦᠷᠢ ᠥᠭᠴᠦ ᠱᠠᠩᠨᠠᠬᠤ ᠳᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ | ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠲᠦ ᠴᠢᠨᠠᠷᠲᠠᠶ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠠᠵᠢᠯᠯᠠᠭ᠎ᠠ ᠳᠤ ᠳᠠᠷᠠᠭ᠎ᠠ ᠪᠠᠷ ᠨᠢ ᠨᠥᠬᠦᠪᠦᠷᠢ ᠦᠭᠬᠦ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠬᠤᠳᠠᠯᠳᠤᠭᠠᠨ ᠤ | ᠳᠠᠩᠰᠠᠯᠠᠭᠤᠯᠬᠤ ᠪᠠ ᠭᠠᠶᠢᠯᠢ ᠲᠤᠰᠢᠶᠠᠵᠤ ᠪᠠᠶᠢᠭ᠎ᠠ ᠭᠠᠵᠠᠷ ᠨᠢ ᠪᠦᠷ ᠮᠠᠨ ᠤ ᠣᠷᠣᠨ ᠤ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ ᠮᠡᠷᠭᠡᠵᠢᠯ ᠢ ᠤᠯᠠᠷᠢᠭᠤᠯᠬᠤ ᠶᠢ ᠳᠠᠭᠠᠭᠠᠨ ᠠᠪᠴᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠤᠨ | ᠮᠡᠷᠭᠡᠵᠢᠯ ᠤᠨ ᠠᠷᠠᠯᠵᠢᠶᠠᠨ ᠤ ᠪᠤᠳᠠᠲᠠᠢ ᠬᠡᠮᠵᠢᠶ᠎ᠡ ᠨᠢ 100 ᠲᠦᠮᠡᠨ ᠲᠥᠭᠦᠷᠢᠭ ᠠᠴᠠ ᠳᠣᠣᠷ᠎ᠠ ᠪᠠᠶᠢᠪᠠᠯ | 10% ᠪᠠᠷ ᠨᠥᠬᠦᠪᠥᠷᠢ ᠥᠭᠴᠦ᠂ 100 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠲᠤ ᠬᠦᠷᠦᠭᠰᠡᠨ | ᠪᠠᠶᠢᠪᠠᠯ ᠨᠣᠷᠮ᠎ᠠ ᠳᠠᠪᠠᠭᠤᠯᠤᠭᠰᠠᠨ ᠢᠶᠠᠷ ᠨᠢ ᠠᠬᠢᠭᠤᠯᠤᠨ ᠪᠤᠳᠣᠵᠤ 5% ᠪᠠᠷ ᠨᠥᠬᠦᠪᠥᠷᠢ ᠥᠭᠭᠦᠨ᠎ᠡ᠂ 500 | ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 3% ᠪᠠᠷ ᠨᠥᠬᠦᠪᠥᠷᠢ ᠥᠭᠴᠦ᠂ ᠨᠥᠬᠦᠪᠥᠷᠢ ᠥᠭᠬᠦ ᠬᠠᠮᠤᠭ ᠤᠨ | ᠥᠨᠳᠥᠷ ᠬᠢᠵᠠᠭᠠᠷ ᠲᠤᠭ᠎ᠠ ᠨᠢ 200 ᠲᠦᠮᠡᠨ ᠲᠥᠭᠦᠷᠢᠭ ᠪᠣᠯᠣᠨ᠎ᠠ᠃ ᠣᠷᠣᠨ ᠤ ᠳᠣᠲᠣᠷᠠᠬᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠳᠤ ᠮᠡᠷᠭᠡᠵᠢᠯ ᠤᠨ ᠦᠷ᠎ᠡ ᠪᠦᠲᠦᠭᠡᠯ ᠢᠶᠠᠨ | ᠰᠢᠯᠵᠢᠭᠦᠯᠦᠨ ᠬᠤᠳᠠᠯᠳᠤᠵᠦ᠂ ᠮᠡᠷᠭᠡᠵᠢᠯ ᠤᠨ ᠠᠷᠠᠯᠵᠢᠶᠠᠨ ᠤ ᠪᠤᠳᠠᠲᠠᠢ ᠬᠡᠮᠵᠢᠶ᠎ᠡ ᠨᠢ 500 ᠲᠦᠮᠡᠨ | ᠲᠥᠭᠦᠷᠢᠭ ᠠᠴᠠ ᠳᠣᠣᠷ᠎ᠠ ᠪᠠᠶᠢᠪᠠᠯ 10% ᠪᠠᠷ ᠬᠤᠳᠠᠯᠳᠤᠭᠰᠠᠨ ᠳᠠᠯ᠎ᠠ ᠳᠤ ᠳᠠᠷᠠᠭᠠᠬᠢ ᠨᠥᠬᠦᠪᠥᠷᠢ ᠨᠢ ᠥᠭᠴᠦ᠂ | 500 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠨᠣᠷᠮ᠎ᠠ ᠳᠠᠪᠠᠭᠤᠯᠤᠭᠰᠠᠨ ᠢᠶᠠᠷ ᠨᠢ ᠠᠬᠢᠭᠤᠯᠤᠨ ᠪᠤᠳᠤᠵᠤ | 5% ᠪᠠᠷ ᠨᠥᠬᠦᠪᠥᠷᠢ ᠥᠭᠴᠦ᠂ ᠨᠥᠬᠦᠪᠥᠷᠢ ᠥᠭᠬᠦ ᠬᠠᠮᠤᠭ ᠤᠨ ᠥᠨᠳᠥᠷ ᠬᠢᠵᠠᠭᠠᠷ ᠲᠤᠭ᠎ᠠ ᠨᠢ 100 ᠲᠦᠮᠡᠨ | ᠲᠥᠭᠦᠷᠢᠭ ︵ᠠᠳᠠᠯᠢ ᠨᠢᠭᠡ ᠲᠥᠷᠥᠯ ᠵᠦᠢᠯ ᠢ ᠣᠯᠠᠨᠲᠠ ᠰᠢᠯᠵᠢᠭᠦᠯᠦᠨ ᠬᠤᠳᠠᠯᠳᠤᠬᠰᠠᠨ ᠪᠣᠯ ᠳᠠᠪᠲᠠᠨ ᠨᠥᠬᠦᠪᠦᠷᠢ | ᠥᠭᠬᠦ ᠦᠭᠡᠢ︶ ᠪᠣᠯᠣᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠯᠤᠭ᠎ᠠ | ᠬᠤᠯᠪᠣᠭᠳᠠᠭᠰᠠᠨ ᠮᠡᠷᠭᠡᠵᠢᠯ ᠢ ᠨᠡᠭᠡᠭᠡᠨ ᠠᠰᠢᠭᠯᠠᠬᠤ᠂ ᠮᠡᠷᠭᠡᠵᠢᠯ ᠤᠨ ᠯᠠᠪᠯᠠᠯᠭ᠎ᠠ ᠬᠢᠬᠦ᠂ ᠮᠡᠷᠭᠡᠵᠢᠯ ᠤᠨ | ᠦᠢᠯᠡᠴᠢᠯᠡᠭᠡᠨ᠂ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠳᠠᠭᠠᠭᠠᠴᠢᠯᠠᠬᠤ᠂ ᠮᠡᠷᠭᠡᠵᠢᠯ ᠵᠠᠭᠤᠴᠢᠯᠠᠬᠤ ᠵᠡᠷᠭᠡ | ᠠᠵᠢᠯᠯᠠᠭ᠎ᠠ ᠳᠤ ᠦᠢᠯᠡᠴᠢᠯᠡᠭᠡᠨ ᠤ ᠬᠤᠶᠠᠷ ᠡᠲᠡᠭᠡᠳ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠠᠪᠴᠠᠩ ᠳᠤ ᠭᠡᠷ᠎ᠡ ᠲᠣᠭᠲᠠᠬᠤ ᠶᠢᠨ | ᠬᠠᠮᠲᠤ ᠠᠷᠠᠯᠵᠢᠶᠠᠨ ᠤ ᠰᠦᠢᠳᠬᠡᠯ ᠡᠭᠦᠰᠦᠭᠰᠡᠨ ᠪᠠᠶᠢᠪᠠᠯ᠂ ᠦᠢᠯᠡᠴᠢᠯᠡᠭᠡᠨ ᠤ ᠪᠤᠳᠠᠲᠠᠢ ᠵᠣᠭᠤᠰ ᠤᠨ 10% ᠪᠠᠷ | ᠣᠷᠣᠨ ᠤ ᠳᠣᠲᠣᠷᠠᠬᠢ ᠦᠢᠯᠡᠴᠢᠯᠡᠭᠡᠨ ᠬᠤᠳᠠᠯᠳᠤᠨ ᠠᠪᠣᠭᠰᠠᠨ ᠲᠠᠯ᠎ᠠ ᠳᠤ ᠳᠠᠷᠠᠭᠠᠬᠢ ᠨᠥᠬᠦᠪᠥᠷᠢ ᠶᠢ ᠦᠭᠴᠦ᠂ | ᠨᠥᠬᠦᠪᠥᠷᠢ ᠥᠭᠬᠦ ᠬᠠᠮᠤᠭ ᠤᠨ ᠥᠨᠳᠥᠷ ᠬᠢᠵᠠᠭᠠᠷ ᠲᠤᠭ᠎ᠠ ᠨᠢ 50 ᠲᠦᠮᠡᠨ ᠲᠥᠭᠦᠷᠢᠭ ᠪᠣᠯᠤᠨ᠎ᠠ᠃ | ᠭᠤᠷᠪᠠ᠂ ᠰᠢᠨ᠎ᠡ ᠶᠢ ᠡᠭᠦᠳᠬᠦ ᠭᠤᠣᠯ ᠴᠣᠭᠴᠠ ᠶᠢ ᠬᠥᠲᠥᠯᠥᠨ ᠵᠢᠯᠣᠭᠤᠳᠬᠤ ᠪᠠ ᠤᠷᠮᠠᠰᠢᠭᠤᠯᠤᠨ᠎ᠠ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠠᠵᠢᠯ ᠤᠨ ᠪᠠᠶᠢᠭᠤᠯᠤᠮᠵᠢ | ᠲᠣᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠨᠡᠭᠡᠭᠡᠵᠦ ᠤᠯᠠᠷᠢᠭᠤᠯᠬᠤ | ᠣᠨᠴᠠᠯᠢᠭ ᠲᠤ ᠨᠡᠶᠢᠴᠡᠭᠰᠡᠨ ᠳᠣᠲᠣᠭᠠᠳᠤ ᠶᠢᠨ ᠤᠷᠮᠠᠰᠢᠭᠤᠯᠬᠤ ᠳᠦᠷᠢᠮ ᠢ ᠪᠠᠶᠢᠭᠤᠯᠤᠨ᠎ᠠ᠃ ᠵᠣᠬᠢᠬᠤ | ᠬᠠᠷᠢᠴᠠᠯ ᠲᠠᠢ ᠬᠦᠳᠡᠯᠦᠩᠭᠦᠢ ᠠᠵᠢᠯ ᠤᠨ ᠪᠠᠶᠢᠷᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠦᠢᠯᠡᠳᠦᠯᠭᠡ ᠶᠢᠨ | ᠲᠤᠷᠰᠢᠯᠭ᠎ᠠ ᠲᠠᠢ ᠠᠵᠤ ᠠᠬᠤᠶᠢᠯᠠᠯᠲᠠᠨ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠤᠷᠢᠵᠤ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠬᠠᠪᠰᠤᠷᠭᠠᠨ | ᠠᠵᠢᠯᠯᠠᠭᠤᠯᠬᠤ ᠶᠢ ᠵᠣᠷᠢᠬᠵᠢᠭᠤᠯᠤᠨ᠎ᠠ᠃ | ᠰᠤᠳᠤᠯᠤᠨ ᠨᠡᠭᠡᠭᠡᠬᠦ ᠰᠦᠢᠳᠬᠡᠯ ᠢ ᠨᠡᠮᠡᠨ ᠪᠤᠳᠤᠵᠤ ᠰᠠᠭᠤᠳᠬᠠᠨ ᠠᠪᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠰᠤᠳᠤᠯᠤᠨ | ᠨᠡᠭᠡᠭᠡᠬᠦ ᠰᠦᠢᠳᠬᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠰᠢᠨ᠎ᠡ ᠮᠡᠷᠭᠡᠵᠢᠯ ᠬᠡᠷᠡᠭᠯᠡᠬᠦ ᠶᠢ ᠲᠥᠷᠭᠡᠳᠬᠡᠨ᠎ᠡ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠣᠷᠣᠭᠤᠯᠤᠯᠲᠠ ᠪᠠᠨ | ᠨᠡᠮᠡᠭᠳᠡᠭᠦᠯᠦᠨ᠂ ᠰᠲ᠋ᠣᠺ ᠤᠨ ᠡᠷᠬᠡ᠂ ᠬᠤᠭᠤᠴᠠᠭᠠᠲᠤ ᠪᠠᠷᠠᠭᠠᠨ ᠤ ᠡᠷᠬᠡ᠂ ᠠᠵᠢᠯ ᠤᠨ ᠠᠮᠵᠢᠯᠲᠠ ᠪᠦᠲᠦᠮᠵᠢ ᠵᠡᠷᠭᠡ | ᠤᠷᠮᠠᠰᠢᠭᠤᠯᠬᠤ ᠳᠦᠷᠢᠮ ᠢ ᠪᠠᠶᠢᠭᠤᠯᠤᠨ᠎ᠠ᠃ | ᠠᠺᠠᠳᠧᠮᠢᠴᠢ ᠲᠤᠰᠬᠠᠢ ᠮᠡᠷᠭᠡᠵᠢᠯᠲᠡᠳ ᠤᠨ ᠠᠵᠢᠯ ᠤᠨ ᠦᠷᠳᠡᠭᠡ᠂ ᠠᠵᠤ ᠠᠬᠤᠶᠢᠯᠠᠯ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ᠂ ᠤᠯᠠᠨ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ᠰᠠᠭᠤᠷᠢᠨ ᠭᠠᠵᠠᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠶᠢ ᠠᠵᠢᠯ ᠤᠨ ᠴᠢᠬᠤᠯᠠ ᠬᠠᠷᠠᠯᠲᠠ ᠪᠣᠯᠭᠠᠵᠤ᠂ ᠠᠵᠤ ᠠᠬᠤᠶᠢᠯᠠᠯ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠳᠤᠷᠠᠯᠴᠠᠭ᠎ᠠ ᠶᠢᠨ ᠵᠠᠭᠪᠤᠷ ᠢ ᠬᠠᠶᠢᠨ ᠰᠦᠪᠡᠭᠴᠢᠯᠡᠬᠦ ᠵᠢᠴᠢ | ᠳᠡᠭᠡᠳᠦ ᠦᠵᠦᠭᠦᠷ ᠤᠨ ᠮᠡᠷᠭᠡᠵᠢᠯ ᠢ ᠣᠷᠣᠭᠤᠯᠤᠨ ᠠᠪᠴᠢᠷᠠᠵᠤ ᠤᠯᠠᠷᠢᠭᠤᠯᠬᠤ ᠳᠤᠮᠳᠠ ᠴᠢᠬᠤᠯᠠ ᠦᠢᠯᠡᠳᠦᠯ | ᠦᠵᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠠᠬᠢᠭᠤᠯᠬᠤ ᠳᠤ ᠠᠰᠢᠭᠲᠠᠢ ᠰᠢᠨᠵᠢᠯᠡᠬᠦ ᠤᠬᠠᠭᠠᠨ ᠤ ᠰᠤᠳᠤᠯᠭᠠᠨ ᠢ ᠦᠨᠡᠯᠡᠬᠦ ᠪᠠ ᠠᠮᠵᠢᠯᠲᠠ | ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢᠨ ᠣᠷᠣᠭᠤᠯᠤᠯᠲᠠ ᠶᠢ | ᠨᠡᠮᠡᠭᠳᠡᠭᠦᠯᠬᠦ ᠪᠠᠷ ᠬᠥᠲᠥᠯᠥᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ | ᠨᠡᠭᠡᠭᠡᠵᠦ ᠤᠯᠠᠷᠢᠭᠤᠯᠬᠤ ᠣᠨᠴᠠᠯᠢᠭ ᠲᠤ ᠨᠡᠶᠢᠴᠡᠭᠰᠡᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠬᠤ᠂ | ᠠᠵᠢᠯ ᠤᠨ ᠪᠠᠶᠢᠷᠢ ᠶᠢᠨ ᠬᠠᠮᠢᠶᠠᠷᠤᠯᠲᠠ ᠪᠣᠯᠣᠨ ᠠᠵᠢᠯ ᠤᠨ ᠠᠮᠵᠢᠯᠲᠠ ᠪᠦᠲᠦᠮᠵᠢ ᠶᠢᠨ ᠤᠷᠮᠠᠰᠢᠭᠤᠯᠬᠤ ᠳᠦᠷᠢᠮ ᠢ | ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠲᠤ ᠰᠢᠯᠭᠠᠨ ᠬᠢᠨᠠᠬᠤ᠂ ᠬᠦᠲᠦᠯᠦᠨ ᠵᠢᠯᠣᠭᠤᠳᠬᠤ ᠶᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠶᠢ ᠠᠬᠢᠭᠤᠯᠬᠤ ᠳᠤ ᠠᠰᠢᠭᠲᠠᠢ ᠰᠢᠨᠵᠢᠯᠡᠬᠦ | ᠤᠬᠠᠭᠠᠨ ᠤ ᠰᠤᠳᠤᠯᠭᠠᠨ ᠤ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠣᠨ ᠤ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠠᠷᠭ᠎ᠠ ᠳᠤ ᠵᠠᠰᠠᠪᠤᠷᠢ | ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤᠮᠳᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠤᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠬᠢᠨᠠᠨ ᠲᠣᠭᠲᠠᠭᠠᠬᠤ ᠳᠤᠮᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢᠨ ᠲᠡᠩᠨᠡᠭᠦᠯᠬᠦ ᠬᠡᠮᠵᠢᠶ᠎ᠡ ᠶᠢ ᠴᠢᠩᠭᠠᠷᠠᠭᠤᠯᠤᠨ᠂ ᠱᠠᠩᠨᠠᠯ | ᠬᠦᠷᠲᠡᠬᠦ ᠬᠥᠮᠦᠨ ᠤ ᠲᠤᠭ᠎ᠠ ᠶᠢ ᠨᠡᠮᠡᠭᠳᠡᠭᠦᠯᠦᠨ᠎ᠡ᠃ | ᠲᠦᠷᠪᠡ᠂ ᠪᠡᠯᠡ ᠮᠥᠩᠭᠦ ᠶᠢᠨ ᠤᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ 5 ᠳ᠋ᠦᠩᠰᠢᠭᠤᠷ ᠲᠥᠭᠦᠷᠢᠭ ᠤᠨ ᠲᠤᠰᠬᠠᠶ ᠪᠡᠯᠡ ᠮᠥᠩᠭᠦ ᠶᠢ ᠪᠠᠶᠢᠷᠢᠯᠠᠭᠤᠯᠵᠤ᠂ ᠡᠯ᠎ᠡ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠴᠠᠩᠭᠤᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠲᠤᠰᠬᠠᠶ ᠪᠡᠯᠡ ᠮᠥᠩᠭᠦ ᠪᠠᠶᠢᠷᠢᠯᠠᠭᠤᠯᠤᠨ᠂ ᠭᠤᠣᠯᠳᠠᠭᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠬᠥᠲᠥᠯᠥᠨ ᠵᠢᠯᠣᠭᠤᠳᠬᠤ᠂ ᠳᠠᠷᠠᠭᠠᠬᠢ ᠨᠥᠬᠦᠪᠥᠷᠢ | ᠥᠭᠬᠦ᠂ ᠰᠢᠨ᠎ᠡ ᠶᠢ ᠡᠭᠦᠳᠬᠦ ᠲᠡᠮᠳᠡᠭᠲᠦ᠂ ᠲᠦᠭᠰᠢᠭᠦᠷᠢ ᠶᠢᠨ ᠲᠦᠯᠦᠪᠦᠷᠢ ᠥᠭᠬᠦ ᠵᠡᠷᠭᠡ ᠳᠤ ᠬᠡᠷᠡᠭᠯᠡᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠤᠷᠢᠳᠠᠪᠡᠷ ᠬᠤᠳᠠᠯᠳᠤᠨ ᠠᠪᠬᠤ ᠪᠠ | ᠵᠠᠬᠢᠶᠠᠯᠠᠨ ᠬᠤᠳᠠᠯᠳᠤᠨ ᠠᠪᠬᠤ ᠵᠡᠷᠭᠡ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ᠂ ᠰᠢᠨ᠎ᠡ ᠮᠡᠷᠭᠡᠵᠢᠯ᠂ ᠰᠢᠨ᠎ᠡ | ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ ᠶᠢ ᠬᠤᠳᠠᠯᠳᠤᠨ ᠠᠪᠴᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠨ᠎ᠡ᠃ ᠤᠯᠠᠷᠢᠭᠤᠯᠤᠬᠰᠠᠨ ᠤ | ᠲᠠᠷᠠᠭ᠎ᠠ ᠱᠠᠩᠨᠠᠵᠤ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ᠂ ᠲᠦᠭᠰᠢᠭᠦᠷᠢ ᠶᠢᠨ | ᠲᠦᠯᠦᠪᠦᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠩᠬᠠᠨ ᠤ ᠰᠠᠤᠷᠢ ︵ᠢᠵᠢ︶ ᠲᠣᠨᠤᠭ | ᠲᠦᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ ᠡᠵᠡᠨ | ᠮᠡᠳᠡᠭᠰᠡᠨ ᠥᠮᠴᠢᠯᠡᠬᠦ ᠡᠷᠬᠡ ᠲᠠᠢ ᠴᠢᠬᠤᠯᠠ ᠶᠡᠭᠡ ᠢᠵᠢ ᠪᠦᠷᠢᠨ ᠲᠥᠬᠦᠭᠡᠷᠦᠮᠵᠢ ᠵᠢᠴᠢ ᠭᠤᠣᠯᠯᠠᠬᠤ ᠰᠠᠯᠪᠢᠡᠭ | ᠲᠤᠨᠤᠭ ᠵᠡᠷᠭᠡ ᠲᠡᠷᠢᠭᠦᠨ ᠤ ᠲᠣᠨᠤᠭ ᠲᠥᠬᠦᠭᠡᠷᠦᠮᠵᠢ ᠶᠢ ᠠᠩᠬ᠎ᠠ ᠤᠳᠠᠭ᠎ᠠ ᠬᠤᠳᠠᠯᠳᠤᠨ ᠠᠪᠬᠤ ᠠᠵᠤ | ᠠᠬᠤᠶᠢᠯᠠᠯ ᠳᠤ ᠨᠡᠮᠡᠭᠦᠷᠢ ᠥᠭᠭᠦᠨ᠎ᠡ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠨ ᠰᠢᠨ᠎ᠡ ᠶᠢ ᠡᠭᠦᠳᠬᠦ ᠰᠠᠭᠤᠷᠢ | ᠮᠥᠩᠭᠦ ᠯᠦᠭᠡ ᠬᠠᠮᠵᠢᠯᠴᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢᠨ ᠳᠠᠭᠠᠯᠲᠠ ᠰᠠᠭᠤᠷᠢ ᠮᠥᠩᠭᠦ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢ ᠦᠷᠨᠢᠭᠦᠯᠵᠦ ᠪᠠᠶᠢᠭ᠎ᠠ ᠠᠩᠬ᠎ᠠ ᠡᠭᠦᠳᠦᠯᠲᠡ ᠶᠢᠨ ᠬᠤᠭᠤᠴᠠᠭᠠᠨ ᠳᠠᠬᠢ ᠠᠵᠤ | ᠠᠬᠤᠶᠢᠯᠠᠯ ᠤᠳ ᠢ ᠳᠡᠮᠵᠢᠨ᠎ᠡ︔ ᠠᠶᠢᠮᠠᠭ ᠬᠤᠲᠠ ᠨᠤᠭᠤᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ ᠰᠢᠨᠵᠢᠯᠡᠬᠦ ᠤᠬᠠᠭᠠᠨ ᠮᠡᠷᠭᠡᠵᠢᠯ ᠤᠨ | ᠰᠠᠭᠤᠷᠢ ᠮᠥᠩᠭᠦ ᠶᠢ ᠣᠯᠠᠨ ᠠᠷᠭ᠎ᠠ ᠬᠡᠯᠪᠡᠷᠢ ᠪᠠᠷ ᠪᠠᠶᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠳᠠᠯᠳᠤᠨ ᠠᠪᠤᠭᠰᠠᠨ ᠲᠠᠯ᠎ᠠ ᠨᠢ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠮᠳᠡᠭᠲᠦ ᠭᠤᠶᠤᠴᠢᠯᠠᠵᠤ᠂ ᠤᠯᠠᠷᠢᠭᠤᠯᠬᠤ ᠶᠠᠪᠤᠴᠠ ᠳᠤ ᠲᠤᠮᠤ | ᠬᠡᠯᠪᠡᠷᠢ ᠶᠢᠨ ᠰᠢᠨᠵᠢᠯᠡᠬᠦ ᠤᠬᠠᠭᠠᠨ ᠤ ᠬᠡᠮᠵᠢᠭᠦᠷᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠤᠷ ᠪᠢᠴᠢᠭ | ᠮᠡᠳᠡᠭᠡ ᠵᠠᠩᠭᠢ ᠵᠡᠷᠭᠡ ᠰᠢᠨ᠎ᠡ ᠶᠢ ᠡᠭᠦᠳᠬᠦ ᠦᠢᠯᠡᠴᠢᠯᠡᠭᠡᠨ ᠤ ᠰᠦᠢᠳᠬᠡᠯ ᠥᠭᠬᠦ ᠳᠤ ᠬᠡᠷᠡᠭᠯᠡᠨ᠎ᠡ᠃ | ᠡᠯ᠎ᠡ ᠲᠦᠷᠤᠯ ᠤᠨ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢ ᠬᠦᠲᠦᠯᠦᠨ | ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ | ᠵᠦᠢᠯ ᠤᠨ ᠣᠷᠣᠭᠤᠯᠤᠯᠲᠠ ᠬᠢᠬᠦ ᠳᠤ ᠣᠷᠣᠯᠴᠠᠭᠤᠯᠵᠤ᠂ ᠣᠷᠣᠭᠤᠯᠤᠯᠲᠠ ᠶᠢᠨ ᠲᠥᠷᠥᠯ ᠵᠦᠢᠯ ᠤᠨ ᠢᠯᠠᠭᠳᠠᠯ ᠠᠴᠠ | ᠪᠣᠯᠵᠤ ᠬᠤᠬᠢᠷᠠᠯ ᠲᠠᠢ ᠪᠤᠯᠤᠬᠰᠠᠨ ᠪᠠᠶᠢᠪᠠᠯ᠂ ᠲᠡᠳᠡᠨ ᠤ ᠪᠡᠯᠡ ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠤ | 10% ᠪᠠᠷ ᠲᠦᠯᠦᠪᠦᠷᠢ ᠥᠭᠴᠦ᠂ ᠳᠠᠩ ᠭᠠᠭᠴᠠ ᠲᠦᠷᠦᠯ ᠵᠦᠢᠯ ᠤᠨ ᠬᠠᠮᠤᠭ ᠤᠨ ᠦᠨᠳᠦᠷ ᠲᠦᠯᠦᠪᠦᠷᠢ ᠥᠭᠬᠦ | ᠲᠤᠭ᠎ᠠ ᠶᠢ 50 ᠲᠦᠮᠡᠨ ᠲᠥᠭᠦᠷᠢᠭ ᠠᠴᠠ ᠦᠯᠦ ᠬᠡᠲᠦᠷᠡᠭᠦᠯᠦᠨ᠎ᠡ᠃ | ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ᠵᠢᠭᠡᠯᠡᠯᠭᠡ ᠶᠢᠨ ᠲᠦᠭᠰᠢᠭᠦᠷᠢ ᠳᠤ ᠲᠦᠯᠦᠪᠦᠷᠢ ᠥᠭᠬᠦ ᠲᠤᠰᠬᠠᠶ ᠪᠡᠯᠡ ᠮᠥᠩᠭᠦ ᠶᠢ ᠪᠠᠶᠢᠭᠤᠯᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠳᠠᠨᠵᠢᠯᠠᠬᠤ ᠳᠤ ᠬᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢ ᠠᠬᠢᠭᠤᠯᠤᠨ᠎ᠠ᠃ | ᠲᠠᠪᠤ᠂ ᠵᠠᠭᠤᠴᠢᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠤᠶᠢᠵᠢᠭᠤᠯᠤᠨ᠎ᠠ | ᠡᠯ᠎ᠡ ᠲᠦᠷᠦᠯ ᠤᠨ ᠭᠤᠣᠯ ᠴᠣᠭᠴᠠ ᠶᠢ ᠵᠣᠷᠢᠬᠵᠢᠭᠤᠯᠤᠨ ᠮᠡᠷᠭᠡᠵᠢᠯ ᠤᠨ ᠵᠠᠬ᠎ᠠ ᠳᠡᠯᠭᠡᠭᠦᠷ᠂ ᠰᠢᠨᠵᠢᠯᠡᠬᠦ | ᠤᠬᠠᠭᠠᠨ ᠮᠡᠷᠭᠡᠵᠢᠯ ᠤᠨ ᠴᠤᠬᠯᠠᠭᠠᠨ ᠦᠵᠡᠰᠭᠦᠯᠡᠩ ᠤᠨ ᠪᠠᠶᠢᠭᠤᠯᠤᠮᠵᠢ᠂ ᠮᠡᠷᠭᠡᠵᠢᠯ ᠰᠢᠯᠵᠢᠭᠦᠯᠬᠦ ᠲᠥᠪ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨ᠎ᠡ ᠥᠷᠲᠡᠭ ᠢ ᠦᠨᠡᠯᠡᠬᠦ ᠪᠠᠶᠢᠭᠤᠯᠤᠮᠵᠢ ᠵᠢᠴᠢ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠨᠡᠪᠴᠢᠭᠦᠯᠦᠯᠲᠡ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠯᠭᠠ ᠥᠭᠬᠦ ᠦᠢᠯᠡᠴᠢᠯᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠶᠡᠷᠦᠩᠬᠡᠶᠢᠯᠡᠭᠰᠡᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠡᠶ᠎ᠡ ᠪᠠᠨ ᠳᠠᠭᠠᠭᠠᠬᠤ ᠪᠤᠶᠤ ᠬᠤᠯᠪᠣᠭᠠᠯᠠᠨ ᠪᠠᠶᠢᠭᠤᠯᠤᠨ᠎ᠠ᠃ | ᠮᠡᠷᠭᠡᠵᠢᠯ ᠤᠨ ᠠᠷᠠᠯᠵᠢᠶ᠎ᠠ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠨᠡᠶᠢᠯᠡᠯ ᠬᠢᠭᠡᠳ ᠡᠵᠡᠩᠨᠡᠯᠲᠡ ᠪᠣᠯᠤᠨ | ᠮᠡᠷᠭᠡᠵᠢᠯ ᠤᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠵᠡᠷᠭᠡ ᠲᠤᠰᠬᠠᠶᠢᠯᠠᠨ ᠠᠵᠢᠯᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠪᠦᠲᠦᠭᠡᠨ ᠪᠠᠶᠢᠭᠤᠯᠬᠤ ᠶᠢᠨ ᠪᠠᠷᠢᠮᠵᠢᠶ᠎ᠠ ᠬᠢᠭᠡᠳ ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ | ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠰᠢᠰᠲ᠋ᠧᠮᠵᠢᠭᠰᠡᠨ᠂ ᠪᠠᠷᠢᠮᠵᠢᠶᠠᠵᠢᠭᠰᠠᠨ ᠴᠢᠭᠯᠡᠯ ᠢᠶᠠᠷ ᠬᠦᠭᠵᠢᠬᠦ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ | ᠪᠠᠶᠢᠭᠤᠯᠤᠮᠵᠢ ᠶᠢ ᠪᠠᠶᠢᠭᠤᠯᠬᠤ ᠪᠠᠷᠢᠮᠵᠢᠶ᠎ᠠ ᠪᠣᠯᠤᠨ ᠬᠢᠷᠢ ᠴᠢᠳᠠᠮᠵᠢ ᠳᠤ ᠨᠡᠶᠢᠴᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠦᠢᠯᠡᠴᠢᠯᠡᠭᠡᠨ ᠤ ᠳᠤᠮᠳᠠ ᠦᠷ᠎ᠡ ᠪᠦᠲᠦᠮᠵᠢ ᠨᠢ | ᠢᠯᠡᠳᠲᠡ ᠪᠠᠶᠢᠪᠠᠯ᠂ ᠲᠡᠳᠡᠨ ᠤ ᠦᠢᠯᠡᠴᠢᠯᠡᠭᠡᠨ ᠤ ᠠᠮᠵᠢᠯᠲᠠ ᠪᠦᠲᠦᠮᠵᠢ ᠶᠣᠰᠣᠭᠠᠷ ᠡᠳ᠋ ᠤᠨ ᠵᠠᠰᠠᠭ ᠤᠨ | ᠳᠠᠷᠠᠭᠠᠬᠢ ᠨᠥᠬᠦᠪᠥᠷᠢ ᠶᠢ ᠥᠭᠴᠦ ᠳᠡᠮᠵᠢᠯᠭᠡ ᠦᠵᠡᠭᠦᠯᠦᠨ᠎ᠡ᠃ | ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠬᠦ ᠡᠷᠬᠡ᠂ ᠠᠰᠢᠭ ᠤᠯᠬᠤ | ᠡᠷᠬᠡ᠂ ᠰᠢᠢᠳᠪᠦᠷᠢᠯᠡᠬᠦ ᠡᠷᠬᠡ ᠶᠢᠨ ᠬᠠᠷᠢᠴᠠᠭ᠎ᠠ ᠶᠢ ᠰᠢᠯᠤᠭᠤᠳᠬᠠᠨ᠎ᠠ | ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠵᠡᠮᠰᠢᠵᠦ ᠪᠠᠶᠢᠭ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠤᠯᠤᠰ ᠤᠨ ᠠᠮᠤᠷ ᠲᠦᠪᠰᠢᠨ᠂ ᠤᠯᠤᠰ ᠤᠨ ᠠᠰᠢᠭ | ᠲᠤᠰᠠ ᠪᠠ ᠨᠡᠶᠢᠭᠡᠮ ᠤᠨ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠬᠤ ᠠᠴᠠ ᠭᠠᠳᠠᠨ᠎ᠠ᠂ | ᠰᠢᠯᠵᠢᠭᠦᠯᠦᠨ ᠬᠤᠳᠠᠯᠳᠤᠬᠤ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ | ᠬᠡᠷᠡᠭᠯᠡᠨ ᠤᠯᠠᠷᠢᠭᠤᠯᠬᠤ ᠪᠠᠷ ᠡᠵᠡᠨ ᠮᠡᠳᠡᠨ ᠲᠣᠭᠲᠠᠭᠠᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠡᠷᠡᠭᠯᠡᠬᠦ᠂ ᠰᠢᠢᠳᠪᠦᠷᠢᠯᠡᠬᠦ ᠪᠠ ᠠᠰᠢᠭ ᠣᠷᠣᠯᠭ᠎ᠠ ᠶᠢ ᠬᠤᠪᠢᠶᠠᠷᠢᠯᠠᠬᠤ ᠳᠤ ᠳᠠᠬᠢᠵᠤ ᠬᠢᠨᠠᠨ | ᠵᠥᠪᠰᠢᠶᠡᠷᠡᠬᠦ ᠪᠤᠶᠤ ᠳᠠᠩᠰᠠᠯᠠᠭᠤᠯᠬᠤ ᠦᠭᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠤᠯᠠᠷᠢᠭᠤᠯᠤᠭᠠᠳ ᠣᠯᠤᠭᠰᠠᠨ ᠣᠷᠣᠯᠭ᠎ᠠ ᠶᠢ ᠨᠢ ᠤᠯᠤᠰ ᠤᠨ ᠰᠠᠩ ᠳᠤ ᠲᠤᠰᠢᠶᠠᠬᠤ ᠦᠭᠡᠢ᠂ | ᠪᠦᠬᠦᠨ ᠢ ᠨᠢ ᠨᠢᠭᠡᠴᠡ ᠳᠤᠨᠢ ᠦᠯᠡᠳᠡᠭᠡᠵᠦ᠂ ᠨᠢᠭᠡᠴᠡ ᠶᠢᠨ ᠲᠥᠰᠦᠪ ᠲᠤ ᠣᠷᠣᠭᠤᠯᠤᠨ᠂ ᠨᠢᠭᠡᠳᠦᠯᠲᠡᠶ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ | ᠬᠡᠷᠡᠭᠵᠢᠭᠦᠯᠬᠦ ᠳᠡᠭᠡᠨ᠂ ᠲᠡᠳᠡᠭᠡᠷ ᠤᠨ ᠦᠨ᠎ᠡ ᠬᠠᠩᠰᠢ ᠶᠢ ᠵᠦᠪᠯᠡᠯᠴᠡᠭᠡᠷ ᠢᠶᠠᠷ ᠦᠨ᠎ᠡ ᠲᠣᠭᠲᠠᠭᠠᠬᠤ᠂ ᠫᠠᠶᠢᠰᠠ | ᠡᠯᠭᠦᠨ ᠠᠷᠠᠯᠵᠢᠶᠠᠯᠠᠬᠤ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠲᠣᠭᠲᠠᠭᠠᠨ᠎ᠠ᠃ ᠡᠭᠦᠨ ᠳᠤ | ᠄ ᠵᠦᠪᠳᠡᠯᠡᠯᠴᠡᠭᠡᠷ ᠢᠶᠠᠷ ᠳᠠᠮᠵᠢᠨ ᠦᠨ᠎ᠡ ᠲᠣᠭᠲᠠᠭᠠᠭᠰᠠᠨ ᠪᠠᠶᠢᠪᠠᠯ᠂ ᠲᠤᠰ ᠨᠢᠭᠡᠴᠡ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠨᠡᠷᠡᠶᠢᠳᠦᠯ ᠪᠣᠯᠣᠨ ᠠᠷᠠᠯᠵᠢᠶᠠᠯᠠᠬᠤ ᠪᠠᠷ ᠲᠥᠰᠦᠭᠡᠯᠡᠭᠰᠡᠨ ᠦᠨ᠎ᠡ ᠬᠠᠩᠰᠢ ᠶᠢ | ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 15 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ | ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠵᠦᠪᠯᠡᠯᠴᠡᠭᠡᠷ ᠢᠶᠠᠷ | ᠲᠠᠮᠵᠢᠨ ᠦᠨ᠎ᠡ ᠲᠣᠭᠲᠠᠭᠠᠬᠤ᠂ ᠫᠠᠶᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠵᠤ ᠬᠤᠳᠠᠯᠳᠤᠬᠤ ᠵᠡᠷᠭᠡ ᠠᠷᠭ᠎ᠠ | ᠮᠠᠶ᠋ᠢᠭ ᠢᠶᠠᠷ ᠦᠨ᠎ᠡ ᠬᠠᠩᠰᠢ ᠲᠣᠭᠲᠠᠭᠠᠵᠤ᠂ ᠨᠢᠭᠡᠴᠡ ᠶᠢᠨ ᠤᠳᠤᠷᠢᠳᠤᠯᠭ᠎ᠠ ᠨᠢ ᠬᠡᠪ ᠤᠨ ᠰᠢᠢᠳᠪᠦᠷᠢᠲᠦ ᠪᠤᠳᠤᠯᠭ᠎ᠠ | ᠲᠣᠭᠲᠠᠭᠠᠬᠤ ᠲᠡᠰ ᠳᠠᠷᠠᠭᠠᠯᠠᠯ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ | ᠪᠤᠰᠤ ᠠᠰᠢᠭ ᠤᠷᠤᠯᠭ᠎ᠠ ᠣᠯᠬᠤ ᠦᠭᠡᠢ ᠪᠠᠶᠢᠬᠤ ᠶᠢ ᠦᠨᠳᠦᠰᠦᠯᠡᠯ ᠪᠤᠯᠭᠠᠬᠰᠠᠨ ᠤᠷᠢᠲᠠᠯ ᠳᠣᠣᠷ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠷᠳᠡᠭ ᠤᠨ ᠳᠠᠭᠠᠯᠳᠤᠯ ᠬᠤᠪᠢᠷᠠᠯᠲᠠ ᠠᠴᠠ ᠪᠣᠯᠵᠤ | ᠰᠢᠢᠳᠪᠦᠷᠢᠲᠦ ᠪᠤᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠭᠳᠡᠬᠦ ᠦᠭᠡᠢ ᠪᠤᠯᠭᠠᠨ᠎ᠠ᠃ | ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠣᠯᠤᠭᠰᠠᠨ | ᠠᠰᠢᠭ ᠣᠷᠣᠯᠭ᠎ᠠ ᠶᠢ ᠲᠣᠰ ᠦᠷ᠎ᠡ ᠪᠦᠲᠦᠭᠡᠯ ᠢ ᠰᠤᠳᠤᠯᠤᠨ ᠨᠡᠭᠡᠭᠡᠬᠦ ᠵᠢᠴᠢ ᠤᠯᠠᠷᠢᠭᠤᠯᠬᠤ ᠠᠵᠢᠯ ᠤᠨ ᠳᠤᠮᠳᠠ | ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠳ ᠢ ᠱᠠᠩᠨᠠᠬᠤ ᠳᠤ ᠬᠡᠷᠡᠭᠯᠡᠵᠦ ᠪᠣᠯᠣᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠦᠭᠰᠡᠨ ᠨᠢᠭᠡᠴᠡ ᠨᠢ ᠠᠰᠢᠭ ᠣᠷᠣᠯᠭ᠎ᠠ ᠶᠢ ᠲᠤᠳᠤᠷᠬᠠᠢ ᠬᠤᠪᠢᠶᠠᠷᠢᠯᠠᠬᠤ | ᠲᠦᠷᠢᠮ ᠪᠤᠶᠤ ᠭᠡᠷ᠎ᠡ ᠪᠣᠯᠵᠣᠨ ᠲᠣᠭᠲᠠᠭᠠᠭᠰᠠᠨ ᠪᠠᠶᠢᠪᠠᠯ᠂ ᠲᠡᠳᠡᠭᠡᠷ ᠤᠨ ᠲᠥᠷᠢᠮ ᠪᠤᠶᠤ ᠭᠡᠷ᠎ᠡ ᠳᠤ ᠪᠣᠯᠵᠣᠨ | ᠲᠣᠭᠲᠠᠭᠠᠭᠰᠠᠨ ᠶᠣᠰᠣᠭᠠᠷ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠣᠯᠭᠤᠨ᠎ᠠ︔ ᠳᠦᠷᠢᠮ ᠪᠠ ᠭᠡᠷ᠎ᠡ ᠪᠠᠶᠢᠬᠤ | ᠦᠭᠡᠢ ᠪᠠᠶᠢᠪᠠᠯ᠂ ᠦᠷ᠎ᠡ ᠪᠦᠲᠦᠭᠡᠯ ᠢ ᠰᠢᠯᠵᠢᠭᠦᠯᠦᠨ ᠥᠭᠭᠦᠭᠰᠡᠨ ᠪᠤᠶᠤ ᠵᠥᠪᠰᠢᠶᠡᠷᠡᠯ ᠢᠶᠠᠷ ᠣᠯᠤᠭᠰᠠᠨ ᠴᠡᠪᠡᠷ | ᠣᠷᠣᠯᠭ᠎ᠠ᠂ ᠮᠡᠷᠭᠡᠵᠢᠯ ᠢᠶᠠᠷ ᠬᠤᠪᠢ ᠣᠷᠤᠭᠤᠯᠤᠭᠠᠳ ᠪᠣᠢ ᠪᠣᠯᠣᠭᠰᠠᠨ ᠰᠲ᠋ᠣᠺ ᠤᠨ ᠡᠷᠬᠡ ᠶᠢ ᠨᠢ 70% ᠶᠢᠨ | ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ᠂ ᠡᠰᠡᠪᠡᠯ ᠡᠵᠡᠨ ᠮᠡᠳᠡᠵᠦ ᠪᠠᠶᠢᠭᠠᠳ ᠤᠯᠠᠷᠢᠭᠤᠯᠬᠤ ᠶᠢ | ᠬᠡᠷᠡᠭᠵᠢᠭᠦᠯᠦᠭᠡᠳ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ 5 ᠵᠢᠯ ᠤᠨ ᠳᠣᠲᠣᠷᠠᠬᠢ | ᠵᠢᠯ ᠪᠦᠷᠢ ᠶᠢᠨ ᠡᠵᠡᠩᠨᠡᠯᠲᠡ ᠶᠢᠨ ᠠᠰᠢᠭ ᠤᠯᠵᠠᠪᠣᠷᠢ ᠶᠢ 5% ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ | ᠶᠤᠰᠤᠭᠠᠷ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠣᠯᠭᠤᠨ᠎ᠠ᠃ | ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠷ᠎ᠡ ᠪᠦᠲᠦᠭᠡᠯ ᠢ | ᠤᠯᠠᠷᠢᠭᠤᠯᠵᠦ ᠣᠯᠤᠭᠰᠠᠨ ᠠᠰᠢᠭ ᠣᠷᠣᠯᠭ᠎ᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠱᠠᠩᠨᠠᠯ | ᠬᠥᠬᠢᠭᠦᠯᠦᠯ ᠪᠠ ᠬᠠᠷᠠᠮᠵᠢ ᠮᠥᠩᠭᠦ ᠥᠭᠬᠦ ᠳᠤ ᠬᠡᠷᠡᠭᠯᠡᠬᠦ ᠵᠠᠷᠤᠯᠭ᠎ᠠ ᠶᠢ ᠲᠤᠬᠠᠶ ᠶᠢᠨ ᠵᠢᠯ ᠤᠨ ᠲᠤᠰ ᠨᠢᠭᠡᠴᠡ ᠶᠢᠨ | ᠴᠠᠯᠢᠩ ᠤᠨ ᠶᠡᠷᠦᠩᠬᠡᠶ ᠲᠣᠭᠠᠨ ᠳᠤ ᠪᠣᠳᠣᠵᠤ ᠣᠷᠣᠭᠤᠯᠤᠨ᠎ᠠ᠂ ᠭᠡᠪᠡᠴᠦ ᠲᠤᠬᠠᠶ ᠶᠢᠨ ᠵᠢᠯ ᠤᠨ ᠲᠤᠰ ᠨᠢᠭᠡᠴᠡ ᠶᠢᠨ | ᠴᠠᠯᠢᠩ ᠤᠨ ᠶᠡᠷᠦᠩᠬᠡᠶ ᠲᠣᠭᠠᠨ ᠳᠤ ᠬᠢᠵᠠᠭᠠᠷᠯᠠᠬᠳᠠᠬᠤ ᠦᠭᠡᠢ᠂ ᠲᠤᠰ ᠨᠢᠭᠡᠴᠡ ᠶᠢᠨ ᠴᠠᠯᠢᠩ ᠤᠨ ᠶᠡᠷᠦᠩᠬᠡᠶ | ᠲᠣᠭᠠᠨ ᠤ ᠰᠠᠭᠤᠷᠢ ᠲᠣᠭᠠᠨ ᠳᠤ ᠣᠷᠣᠭᠤᠯᠬᠤ ᠦᠭᠡᠢ᠃ | ᠲᠤᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠠᠮᠢᠵᠢᠷᠠᠯ ᠤᠨ ᠬᠦᠴᠦᠨ ᠢ ᠬᠦᠭᠵᠢᠭᠡᠨ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠰᠠᠭ ᠵᠠᠬᠢᠷᠭᠠᠨ ᠤ ᠲᠤᠰᠢᠶᠠᠯ ᠢ ᠡᠭᠦᠷᠭᠡᠯᠡᠬᠦ ᠠᠴᠠ | ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠪᠠᠶᠢᠷᠢ ᠭᠠᠷᠤᠯ ᠲᠠᠢ ᠪᠠᠶᠢᠪᠠᠯ᠂ ᠺᠠᠳ᠋ᠷ ᠢ ᠬᠠᠮᠢᠶᠠᠷᠬᠤ | ᠡᠷᠬᠡ ᠮᠡᠳᠡᠯ ᠤᠨ ᠬᠡᠪᠴᠢᠶ᠎ᠡ ᠪᠠᠷ ᠵᠣᠬᠢᠶᠠᠨ ᠪᠠᠶᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ᠂ ᠲᠤᠰ ᠨᠢᠭᠡᠴᠡ ᠳᠤ ᠪᠡᠯᠡ ᠣᠷᠣᠭᠤᠯᠵᠤ | ᠪᠠᠶᠢᠭᠤᠯᠤᠭᠰᠠᠨ ᠪᠤᠶᠤ ᠰᠲ᠋ᠣᠺ ᠤᠨ ᠡᠷᠬᠡ ᠡᠵᠡᠮᠰᠢᠵᠦ ᠪᠠᠶᠢᠭ᠎ᠠ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠡᠷᠬᠢᠯᠡᠵᠦ᠂ ᠵᠣᠬᠢᠬᠤ ᠠᠵᠢᠯ ᠤᠨ | ᠠᠮᠵᠢᠯᠲᠠ ᠶᠢ ᠨᠢ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠳᠤ ᠪᠤᠳᠤᠨ ᠣᠷᠣᠭᠤᠯᠤᠨ᠎ᠠ᠂ ᠲᠡᠳᠡᠨ | ᠤᠳᠤᠷᠢᠳᠤᠯᠭ᠎ᠠ ᠶᠢᠨ ᠠᠵᠢᠯ ᠤᠨ ᠪᠠᠶᠢᠷᠢᠨ ᠳᠤ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ᠂ ᠲᠤᠰᠢᠶᠠᠯ | ᠬᠠᠪᠰᠤᠷᠭᠠᠵᠤ ᠪᠠᠶᠢᠭ᠎ᠠ ᠠᠵᠤ ᠠᠬᠤᠶᠢᠯᠠᠯ ᠠᠴᠠ ᠴᠠᠯᠢᠩ ᠣᠯᠭᠤᠮᠵᠢ ᠠᠪᠴᠤ ᠪᠣᠯᠬᠤ ᠦᠭᠡᠢ᠂ ᠭᠡᠪᠡᠴᠦ ᠲᠤᠰ | ᠬᠥᠮᠦᠨ ᠨᠢ ᠭᠤᠣᠯ ᠪᠡᠶᠡᠯᠡᠭᠦᠯᠦᠭᠰᠡᠨ ᠬᠥᠮᠦᠨ ᠤ ᠬᠤᠪᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠨᠢ ᠨᠢᠭᠡᠨᠲᠡ ᠤᠯᠠᠷᠢᠭᠤᠯᠬᠤ ᠶᠢ ᠬᠡᠷᠡᠭᠵᠢᠭᠦᠯᠦᠭᠰᠡᠨ ᠤ ᠬᠠᠮᠲᠤ ᠱᠠᠩᠨᠠᠯ ᠣᠯᠭᠤᠬᠤ ᠦᠶᠡᠰ᠂ ᠡᠮᠦᠨ᠎ᠡ | ᠳᠤᠷᠠᠳᠤᠭᠰᠠᠨ ᠪᠡᠯᠡᠨ ᠵᠣᠭᠤᠰ ᠤᠨ ᠱᠠᠩᠨᠠᠯ ᠢ ᠭᠥᠷᠳᠡᠵᠦ ᠪᠣᠯᠬᠤ ᠪᠦᠭᠡᠳ ᠲᠤᠰ ᠨᠢᠭᠡᠴᠡ ᠳᠡᠭᠡᠨ ᠢᠯᠡ ᠨᠡᠶᠢᠲᠡᠯᠡᠨ᠎ᠡ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ | ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠵᠣᠷᠢᠬᠵᠢᠭᠤᠯᠤᠨ ᠤᠷᠢᠭᠳᠠᠭᠰᠠᠨ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠤᠷᠢᠲᠠᠯ ᠳᠣᠣᠷ᠎ᠠ᠂ ᠨᠢᠭᠡᠴᠡ ᠶᠢᠨ | ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ᠂ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠲᠤᠰᠢᠶᠠᠯ ᠬᠠᠪᠰᠤᠷᠭᠠᠨ | ᠬᠢᠭᠡᠳ ᠣᠯᠤᠭᠰᠠᠨ ᠣᠷᠣᠯᠭ᠎ᠠ ᠶᠢ ᠬᠤᠪᠢ ᠬᠥᠮᠦᠨ ᠪᠣᠯᠤᠨ ᠨᠢᠭᠡᠴᠡ ᠠᠴᠠ ᠵᠥᠪᠳᠡᠯᠴᠡᠨ ᠬᠤᠪᠢᠶᠠᠷᠢᠯᠠᠨ᠎ᠠ᠃ | ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠨᠢ ᠪᠠᠶᠢᠭ᠎ᠠ ᠨᠢᠭᠡᠴᠡ ᠪᠠᠷ ᠢᠶᠠᠨ | ᠵᠥᠪᠰᠢᠶᠡᠷᠡᠭᠦᠯᠦᠭᠡᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠣᠯᠣᠨ ᠦᠷ᠎ᠡ ᠪᠦᠲᠦᠭᠡᠯ ᠢᠶᠠᠨ | ᠠᠪᠴᠤ ᠠᠵᠢᠯ ᠤᠨ ᠪᠠᠶᠢᠷᠢ ᠠᠴᠠ ᠪᠠᠨ ᠰᠠᠯᠵᠤ ᠠᠵᠢᠯ ᠦᠢᠯᠡᠰ ᠴᠣᠭᠴᠠᠯᠠᠵᠤ ᠪᠤᠯᠤᠨ᠎ᠠ᠂ ᠠᠵᠢᠯ ᠤᠨ | ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭ᠎ᠠ ᠶᠢ 3 ᠵᠢᠯ ᠢᠶᠠᠷ ᠨᠢᠭᠡ ᠬᠤᠭᠤᠴᠠᠭ᠎ᠠ | ᠪᠣᠯᠭᠠᠵᠤ᠂ ᠬᠠᠮᠤᠭ ᠤᠷᠲᠦ ᠳᠠᠭᠠᠨ ᠬᠤᠶᠠᠷ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠠᠵᠢᠯ ᠤᠨ | ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠳᠤ ᠠᠳᠠᠯ ᠦᠢᠯᠡᠰ ᠴᠣᠭᠴᠠᠯᠠᠬᠤ ᠠᠵᠢᠯᠳᠠᠨ ᠨᠢ ᠠᠵᠢᠯᠳᠠᠨ ᠤ | ᠬᠠᠷᠢᠴᠠᠭ᠎ᠠ ᠪᠠ ᠦᠨᠳᠦᠰᠦᠨ ᠣᠯᠭᠤᠮᠵᠢ ᠪᠠᠨ ᠦᠯᠡᠳᠡᠭᠡᠵᠦ᠂ ᠤᠤᠯ ᠤᠨ ᠨᠢᠭᠡᠴᠡ ᠠᠴᠠ ᠲᠡᠳᠡᠨ ᠳᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠵᠤ᠂ ᠬᠡᠷᠡᠭᠰᠡᠬᠦ ᠰᠦᠢᠳᠬᠡᠯ ᠢ ᠨᠢ ᠠᠵᠢᠯ ᠤᠨ | ᠪᠠᠶᠢᠷᠢ ᠠᠴᠠ ᠪᠠᠨ ᠰᠠᠯᠤᠬᠰᠠᠨ ᠠᠳᠠᠯ ᠦᠢᠯᠡᠰ ᠴᠣᠭᠴᠠᠯᠠᠭᠴᠢ ᠪᠠ ᠪᠠᠶᠢᠭ᠎ᠠ ᠠᠵᠤ ᠠᠬᠤᠶᠢᠯᠠᠯ ᠨᠢ ᠬᠠᠮᠲᠤᠪᠡᠷ | ᠡᠭᠦᠷᠭᠡᠯᠡᠨ᠎ᠡ︔ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠴᠢ ᠨᠢ ᠤᠤᠯ ᠨᠢᠭᠡᠴᠡ ᠶᠢᠨ | ᠠᠵᠢᠯ ᠤᠨ ᠪᠠᠶᠢᠷᠢ ᠳᠤ ᠪᠠᠶᠢᠭ᠎ᠠ ᠪᠤᠰᠤᠳ ᠬᠥᠮᠦᠰ ᠯᠦᠭᠡ ᠠᠳᠠᠯᠢ ᠪᠠᠷ ᠲᠤᠰᠬᠠᠶ ᠮᠡᠷᠭᠡᠵᠢᠯ ᠤᠨ ᠲᠤᠰᠢᠶᠠᠯ ᠢ ᠰᠢᠯᠭᠠᠨ | ᠲᠣᠭᠲᠠᠭᠠᠵᠤ ᠤᠷᠢᠨ ᠬᠡᠷᠡᠭᠯᠡᠬᠦ ᠪᠠ ᠠᠵᠢᠯ ᠤᠨ ᠪᠠᠶᠢᠷᠢ ᠶᠢᠨ ᠵᠡᠷᠭᠡ ᠳᠡᠰ ᠳᠡᠪᠰᠢᠭᠦᠯᠬᠦ ᠡᠷᠬᠡ ᠶᠢ ᠠᠳᠠᠯᠢ ᠲᠡᠭᠰᠢ ᠪᠠᠷ | ᠬᠦᠷᠲᠡᠨ᠎ᠡ︔ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠴᠢ ᠨᠢ ᠲᠣᠭᠲᠠᠭᠠᠯ ᠶᠣᠰᠣᠭᠠᠷ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ | ᠦᠢᠯᠡᠰ ᠴᠣᠭᠴᠠᠯᠠᠬᠤ ᠬᠤᠭᠤᠴᠠᠭᠠᠨ ᠳᠤ ᠠᠵᠢᠯᠯᠠᠭᠰᠠᠨ ᠣᠨ ᠵᠢᠯ ᠢ ᠨᠢ ᠦᠷᠭᠦᠯᠵᠢᠯᠡᠨ ᠪᠣᠳᠣᠵᠣ ᠥᠭᠭᠦᠨ᠎ᠡ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠤᠳᠤᠷᠢᠳᠬᠤ | ᠲᠤᠰᠢᠶᠠᠯ ᠢ ᠡᠭᠦᠷᠭᠡᠯᠡᠵᠦ ᠪᠦᠬᠦᠢ ᠬᠥᠮᠥᠰ᠂ ᠤᠳᠤᠷᠢᠳᠬᠤ ᠲᠤᠰᠢᠶᠠᠯ ᠡᠭᠦᠷᠭᠡᠯᠡᠬᠦ ᠪᠠᠨ ᠪᠤᠯᠢᠬᠰᠠᠨ ᠤ ᠳᠠᠷᠠᠭ᠎ᠠ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠡᠠ ᠤ ᠬᠤᠪᠢ ᠪᠠᠷ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ | ᠦᠢᠯᠡᠰ ᠴᠣᠭᠴᠠᠯᠠᠵᠤ ᠪᠣᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠵᠢᠯ ᠤᠨ | ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠤᠤᠯ ᠤᠨ ᠨᠢᠭᠡᠴᠡ ᠳᠡᠭᠡᠨ ᠪᠤᠴᠠᠪᠠᠯ᠂ | ᠨᠢᠭᠡᠴᠡ ᠨᠢ ᠵᠣᠬᠢᠬᠤ ᠲᠤᠰᠬᠠᠶ ᠮᠡᠷᠭᠡᠵᠢᠯ ᠤᠨ ᠲᠤᠰᠢᠶᠠᠯ ᠶᠣᠰᠣᠭᠠᠷ ᠠᠵᠢᠯ ᠤᠨ ᠪᠠᠶᠢᠷᠢ ᠳᠤ ᠤᠷᠢᠬᠤ ᠠᠵᠢᠯ ᠢ | ᠰᠠᠶᠢᠲᠤᠷ ᠬᠢᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠠᠰᠢᠭᠲᠠᠶ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠠᠵᠢᠯ ᠤᠨ ᠪᠠᠶᠢᠷᠢ ᠶᠢᠨ ᠰᠢᠯᠭᠠᠨ ᠬᠢᠨᠠᠬᠤ᠂ | ᠮᠡᠷᠭᠡᠵᠢᠯ ᠤᠨ ᠴᠣᠯᠠ ᠳᠡᠪᠰᠢᠭᠦᠯᠬᠦ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠰᠢᠨᠵᠢᠯᠡᠬᠦ ᠤᠬᠠᠭᠠᠨ ᠮᠡᠷᠭᠡᠵᠢᠯ ᠤᠨ ᠥᠭᠦᠯᠡᠯ ᠲᠠᠢ ᠨᠢᠭᠡᠯᠡ ᠠᠳᠠᠯᠢ ᠪᠠᠷ ᠬᠠᠨᠳᠤᠵᠤ᠂ ᠲᠤᠰ ᠱᠠᠲᠤᠨ ᠤ | ᠰᠡᠳᠦᠪ ᠢ ᠳᠡᠭᠡᠳᠦ ᠳᠤᠤᠷᠠᠳᠦ ᠱᠠᠲᠤᠨ ᠤ ᠰᠡᠳᠦᠪ ᠲᠠᠢ ᠨᠢᠭᠡᠯᠡ ᠠᠳᠠᠯᠢ ᠪᠠᠷ ᠬᠠᠨᠳᠤᠨ᠎ᠠ᠃ | ᠨᠠᠢᠮᠠ᠂ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ | ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠣᠬᠠᠢ ᠳᠤᠨᠢ ᠰᠤᠳᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠬᠤᠯᠠ ᠶᠡᠭᠡ ᠤᠷᠮᠠᠰᠢᠭᠤᠯᠬᠤ ᠲᠦᠷᠦ ᠶᠢᠨ | ᠪᠤᠳᠤᠯᠭ᠎ᠠ ᠶᠢ ᠬᠢᠨᠠᠨ ᠵᠥᠪᠯᠡᠬᠦ ᠪᠠ ᠲᠣᠭᠲᠠᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯᠯᠠᠭ᠎ᠠ ᠶᠢᠨ ᠲᠥᠰᠦᠯ ᠢ | ᠬᠡᠷᠡᠭᠵᠢᠭᠦᠯᠬᠦ ᠯᠦᠭᠡ ᠢᠳᠡᠪᠬᠢᠲᠡᠢ ᠪᠠᠷ ᠵᠤᠯᠭᠠᠭᠤᠯᠵᠤ᠂ ᠳᠥᠷᠪᠡᠨ ᠱᠠᠲᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠰᠲ᠋ᠧᠮ ᠲᠠᠢ ᠪᠠᠷ ᠡᠮᠬᠢᠯᠡᠨ | ᠨᠡᠶᠢᠯᠡᠭᠦᠯᠵᠦ᠂ ᠪᠤᠳᠠᠲᠠᠢ ᠪᠠᠷ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠪᠠ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠠᠶᠢᠮᠠᠭ ᠬᠤᠳᠠ᠂ ᠰᠠᠯᠠᠭ᠎ᠠ ᠮᠥᠴᠢᠷ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠠᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ ᠰᠠᠯᠠᠭ᠎ᠠ | ᠮᠥᠴᠢᠷ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠥᠪᠡᠷᠲᠡᠭᠡᠨ ᠵᠠᠰᠠᠬᠤ | ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠬᠤ ᠳᠤ | ᠣᠷᠣᠭᠤᠯᠵᠤ᠂ ᠲᠡᠳᠡᠨ ᠢ ᠬᠦᠲᠦᠯᠦᠨ ᠵᠢᠯᠣᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ | ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠠᠬᠢ | ᠣᠷᠣᠭᠤᠯᠤᠯᠲᠠ ᠶᠢ ᠴᠢᠩᠭᠠᠷᠠᠭᠤᠯᠤᠨ᠎ᠠ᠃ |